ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠦᠷᠦᠯ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2022-12-01

      ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠪᠠ ᠡᠬᠢ ᠪᠠᠶᠠᠯᠢᠭ᠎ᠤᠨ ᠥᠨᠳᠥᠷ ᠪᠦᠲᠦᠮᠵᠢᠲᠡᠶ ᠠᠰᠢᠭᠯᠠᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠥᠪᠡᠷᠲᠡᠭᠡᠨ ᠵᠠᠰᠠᠬᠤ ᠣᠷᠣᠨ᠎ᠤ ᠪᠠᠯᠠ ᠣᠷᠣᠭᠤᠯᠤᠯᠲᠠ ᠵᠢᠨ ᠡᠰᠡᠷᠬᠦ ᠲᠠᠯ᠎ᠠ ᠵᠢᠨ ᠨᠠᠷᠢᠨ ᠲᠠᠩᠰᠠ (2022 ᠣᠨ᠎ᠤ ᠬᠡᠪᠯᠡᠯ) ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 63 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠪᠠᠯᠠ ᠣᠷᠣᠭᠤᠯᠤᠯᠲᠠ ᠵᠢᠨ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠥᠷᠥᠯ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠵᠤ ᠥᠷᠨᠢᠭᠦᠯᠪᠡ᠃ 2022 ᠣᠨ᠎ᠤ 9 ᠳ᠋ᠤᠭᠡᠷ ᠰᠠᠷ᠎ᠠ ᠵᠢᠨ 29᠎ᠤ ᠡᠳᠦᠷ 《ᠪᠠᠯᠠ ᠣᠷᠣᠭᠤᠯᠤᠯᠲᠠ ᠵᠢᠨ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠥᠷᠥᠯ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠦᠬᠠᠶ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠤᠪᠴᠢᠶᠠᠨ᠎ᠤ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠡᠯ᠎ᠡ ᠬᠤᠪᠢᠶᠠᠷᠢ ᠲᠣᠪᠴᠢᠶ᠎ᠠ ᠵᠢ ᠵᠣᠬᠢᠶᠠᠨ ᠪᠠᠢ᠌ᠭᠤᠯᠤᠨ 《ᠥᠪᠥᠷ ᠮᠣᠩᠭᠣᠯ᠎ᠤᠨ ᠪᠠᠯᠠ ᠣᠷᠣᠭᠤᠯᠤᠯᠲᠠ ᠵᠢᠨ ᠡᠰᠡᠷᠬᠦ ᠲᠠᠯ᠎ᠠ ᠵᠢᠨ ᠨᠠᠷᠢᠨ ᠲᠠᠩᠰᠠ (2022 ᠣᠨ᠎ᠤ ᠬᠡᠪᠯᠡᠯ)》᠎ᠲᠠᠢ ᠬᠠᠷᠭᠤᠭᠤᠯᠤᠨ ᠲᠣᠰ ᠰᠢᠰᠲ᠋ᠧᠮ᠂ ᠲᠣᠰ ᠬᠦᠷᠢᠶᠡᠨ᠎ᠳᠤ᠎ᠬᠢ ᠨᠢᠭᠡᠨᠲᠡ ᠪᠠᠶ᠋ᠢᠭᠤᠯᠤᠭᠰᠠᠨ᠂ ᠪᠠᠶ᠋ᠢᠭᠤᠯᠵᠤ ᠪᠠᠶ᠋ᠢᠭ᠎ᠠ ᠪᠠ ᠪᠠᠶ᠋ᠢᠭᠤᠯᠬᠤ᠎ᠪᠠᠷ ᠪᠠᠶ᠋ᠢᠭ᠎ᠠ ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠪᠡ᠃ ᠵᠢᠭᠰᠠᠭ᠋ᠠᠨ ᠪᠠᠶ᠋ᠢᠴᠠᠭ᠋ᠠᠵᠤ ᠡᠮᠬᠢᠯᠡᠬᠦ᠎ᠪᠠᠷ ᠳᠡᠮᠵᠢᠨ᠂ ᠲᠣᠰ ᠰᠢᠰᠲ᠋ᠧᠮ᠂ ᠲᠣᠰ ᠬᠦᠷᠢᠶᠡᠨ᠎ᠳᠤ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠣᠭᠲᠠᠭ᠋ᠠᠯ᠎ᠠᠴᠠ ᠵᠥᠷᠢᠴᠡᠭᠰᠡᠨ ᠲᠦᠷᠦᠯ ᠵᠦᠢ᠍ᠯ᠎ᠤᠨ ᠠᠰᠠᠭᠤᠳᠠᠯ ᠪᠠᠢ᠌ᠬᠤ ᠥᠬᠡᠶ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠣᠪᠴᠢᠶ᠎ᠠ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠠᠵᠢᠯ᠎ᠢ ᠬᠢᠬᠦ᠎ᠪᠠᠷ ᠭᠠᠷᠳᠠᠴᠠ ᠪᠣᠯᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠣᠷᠴᠢᠨ ᠲᠤᠭᠤᠷᠢᠨ᠎ᠳᠤ ᠤᠷᠤᠭᠤᠯᠬᠤ ᠵᠥᠪᠰᠢᠶᠡᠷᠡᠯ᠎ᠤᠨ ᠪᠣᠭᠣᠮᠲᠠ ᠵᠢ ᠰᠠᠶ᠋ᠢᠲᠤᠷ ᠰᠠᠬᠢᠨ᠎ᠠ᠃ ᠤᠯᠤᠰ᠎ᠤᠨ ᠪᠠᠯᠠ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ ᠵᠢ ᠴᠢᠩᠭ᠎ᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠷᠤᠭᠤᠯᠬᠤ ᠵᠥᠪᠰᠢᠶᠡᠷᠡᠯ᠎ᠤᠨ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠦᠷᠢᠮ᠎ᠢ ᠡᠷᠡᠰ ᠬᠠᠮᠠᠭ᠋ᠠᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠥᠬᠥ ᠲᠠᠯ᠎ᠠ᠎ᠪᠠᠷ ᠲᠤᠭᠤᠰᠢᠯᠠᠭᠤᠯᠬᠤ ᠵᠢ ᠪᠠᠷᠢᠮᠲᠠᠯᠠᠵᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠳᠦ᠋ᠷᠦᠭᠴᠢᠳᠤ ᠬᠥᠭᠵᠢᠯᠲᠡ ᠵᠢ ᠡᠷᠡᠰ ᠭᠤᠶ᠋ᠢᠪᠢᠰᠢ ᠥᠬᠡᠶ᠎ᠪᠠᠷ ᠠᠬᠢᠭᠤᠯᠤᠨ᠂ ᠪᠣᠬᠢᠷᠲᠤᠯ ᠥᠬᠡᠶ ᠬᠥᠭᠵᠢᠯᠲᠡ ᠵᠢᠨ ᠣᠨᠣᠯᠵᠢᠬᠤᠨ᠎ᠢ ᠪᠠᠲᠤ ᠪᠣᠶ ᠪᠣᠯᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠬᠠᠶ ᠬᠣᠲᠠ ᠨᠠᠮᠤᠷ᠎ᠤᠨ ᠤᠯᠠᠷᠢᠯ᠎ᠤᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠬᠠᠮᠢᠶᠠᠷᠤᠯᠲᠠ ᠡᠵᠡᠮᠳᠡᠯ ᠵᠢᠴᠢ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠪᠡᠯᠡᠳᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠳᠤᠷ ᠬᠢᠵᠦ ᠪᠠᠢ᠌ᠨ᠎ᠠ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ 《ᠭᠤᠷᠪᠠᠨ ᠲᠠᠯ᠎ᠠ᠎ᠪᠠᠷ ᠬᠦᠴᠦᠨ ᠵᠶ᠋ᠡᠨ ᠨᠢᠭᠳᠠᠷᠠᠭᠤᠯᠤᠨ》 ᠣᠷᠴᠢᠨ ᠲᠤᠭᠤᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠳᠡ ᠵᠢᠨ ᠬᠢᠨᠠᠨ ᠵᠦᠪᠰᠢᠶᠡᠷᠡᠬᠦ ᠦᠢ᠍ᠯᠡᠴᠢᠯᠡᠭᠡ ᠵᠢ ᠲᠠᠰᠤᠷᠠᠯᠲᠠ ᠥᠬᠡᠶ ᠴᠢᠩᠳᠠᠯᠠᠵᠤ ᠪᠠᠢ᠌ᠨ᠎ᠠ
ᠬᠥᠬᠡᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠵᠤ ᠠᠬᠤᠶ᠋ᠢᠯᠠᠯ᠎ᠤᠨ ᠬᠦᠴᠢᠷᠳᠡᠯ᠎ᠢ ᠲᠠᠢ᠌ᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠪᠥᠬᠥ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠳᠡ ᠵᠢᠨ ᠠᠵᠢᠯᠯᠠᠭ᠎ᠠ ᠦᠷᠨᠢᠭᠦᠯᠪᠡ
 
             蒙ICP备05000248号