ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠦᠬᠠᠶ ᠬᠣᠲᠠ 《ᠦᠬᠠᠶ ᠬᠣᠲᠠ ᠵᠢᠨ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠵᠢᠨ ᠲᠦᠷᠢᠮ》᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2022-12-01

      ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ 2022 ᠣᠨ᠎ᠤ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ ᠵᠢᠨ ᠲᠣᠬᠢᠷᠠᠭᠤᠯᠤᠯᠲᠠ ᠵᠢ ᠦᠨᠳᠦᠰᠦᠯᠡᠨ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠡᠷᠬᠢᠯᠡᠭᠴᠢ ᠴᠡᠩᠭᠡᠯ ᠵᠶ᠋ᠡᠷ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠬᠤ ᠳᠤᠭᠤᠶ᠋ᠢᠯᠠᠩ᠎ᠢ ᠳᠠᠭ᠋ᠠᠭᠤᠯᠤᠨ ᠪᠥᠬᠥ ᠬᠣᠲᠠ ᠵᠢᠨ 《ᠦᠬᠠᠶ ᠬᠣᠲᠠ ᠵᠢᠨ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠳᠠ ᠵᠢᠨ ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠪᠡ᠃ 2022 ᠣᠨ᠎ᠤ 11 ᠳ᠋ᠤᠭᠡᠷ ᠰᠠᠷ᠎ᠠ ᠵᠢᠨ 1᠎ᠤ ᠡᠳᠦᠷ᠂ 《ᠦᠬᠠᠶ ᠬᠣᠲᠠ ᠵᠢᠨ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠵᠢᠨ ᠲᠦᠷᠢᠮ》᠎ᠤᠨ ᠬᠠᠤᠯᠢ ᠬᠡᠷᠡᠭᠵᠢᠭᠦᠯᠦᠭᠰᠡᠨ ᠪᠠᠶ᠋ᠢᠴᠠᠭ᠋ᠠᠯᠲᠠ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠰᠠᠭᠤᠳᠠᠯ᠎ᠤᠨ ᠬᠤᠷᠠᠯ ᠳᠡᠭᠡᠷ᠎ᠡ᠂ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ 《ᠦᠬᠠᠶ ᠬᠣᠲᠠ ᠵᠢᠨ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠵᠢᠨ ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ᠂ ᠭᠣᠤᠯᠳᠠᠯᠭ᠎ᠠ᠎ᠲᠠᠢ ᠪᠣᠬᠢᠷᠲᠤᠯ᠎ᠤᠨ ᠡᠬᠢ ᠡᠭᠦᠰᠦᠯ᠎ᠢ ᠬᠢᠨᠠᠨ ᠬᠠᠮᠢᠶᠠᠷᠬᠤ᠂ ᠪᠣᠬᠢᠷ ᠤᠰᠤ ᠵᠢ ᠰᠢᠢ᠍ᠳᠪᠦᠷᠢᠯᠡᠬᠦ ᠪᠠ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠡᠷᠭᠡ ᠠᠭᠤᠯᠭ᠎ᠠ ᠵᠢᠨ ᠲᠠᠯ᠎ᠠ᠎ᠪᠠᠷ ᠰᠠᠨᠠᠯ ᠵᠶ᠋ᠠᠨ ᠰᠣᠯᠢᠯᠴᠠᠭᠰᠠᠨ ᠪᠥᠭᠡᠳ 《ᠲᠦᠷᠢᠮ》᠎ᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠳᠤᠷᠠᠳᠤᠭᠰᠠᠨ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠲᠣᠪᠴᠢᠶ᠎ᠠ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠤᠷᠠᠳᠤᠭᠰᠠᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ 《ᠲᠦᠷᠢᠮ》᠎ᠢ ᠲᠦᠭᠡᠮᠡᠯᠵᠢᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠂ ᠬᠣᠲᠠ ᠪᠠᠯᠭ᠋ᠠᠰᠤᠨ᠎ᠤ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠵᠢᠷᠤᠮᠵᠢᠭᠰᠠᠨ ᠪᠠᠶ᠋ᠢᠭᠤᠯᠤᠯᠲᠠ ᠵᠢ ᠦᠷᠭᠦᠯᠵᠢᠯᠡᠨ ᠥᠷᠨᠢᠭᠦᠯᠵᠦ᠂ 《ᠬᠤᠪᠢᠶᠠᠷᠢᠯᠠᠨ ᠲᠣᠭᠲᠠᠭ᠋ᠠᠬᠤ》 《ᠪᠠᠷᠢᠮᠵᠢᠶ᠎ᠠ ᠲᠣᠭᠲᠠᠭ᠋ᠠᠬᠤ》 《ᠴᠡᠭᠴᠡᠯᠡᠨ ᠵᠠᠰᠠᠬᠤ》 ᠭᠤᠷᠪᠠᠨ ᠵᠦᠢ᠍ᠯ᠎ᠤᠨ ᠭᠣᠤᠯᠳᠠᠯᠭ᠎ᠠ᠎ᠲᠠᠢ ᠡᠭᠦᠷᠭᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠴᠠᠭᠳᠠᠨ ᠪᠠᠶ᠋ᠢᠴᠠᠭ᠋ᠠᠵᠤ᠂ ᠰᠠᠷ᠎ᠠ ᠪᠦᠷᠢ᠎ᠳᠤ ᠤᠰᠤᠨ᠎ᠤ ᠴᠢᠨᠠᠷ᠎ᠢ ᠬᠢᠨᠠᠨ ᠬᠡᠮᠵᠢᠬᠦ ᠵᠢ ᠥᠷᠨᠢᠭᠦᠯᠵᠦ᠂ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠢ᠌ᠨ᠎ᠠ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠡᠰᠡᠷᠬᠦ ᠲᠠᠯ᠎ᠠ ᠵᠢᠨ ᠨᠠᠷᠢᠨ ᠲᠠᠩᠰᠠ ᠵᠢᠨ ᠲᠦᠷᠦᠯ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠦᠬᠠᠶ ᠬᠣᠲᠠ ᠨᠠᠮᠤᠷ᠎ᠤᠨ ᠤᠯᠠᠷᠢᠯ᠎ᠤᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠬᠠᠮᠢᠶᠠᠷᠤᠯᠲᠠ ᠡᠵᠡᠮᠳᠡᠯ ᠵᠢᠴᠢ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠪᠡᠯᠡᠳᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠳᠤᠷ ᠬᠢᠵᠦ ᠪᠠᠢ᠌ᠨ᠎ᠠ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ 《ᠭᠤᠷᠪᠠᠨ ᠲᠠᠯ᠎ᠠ᠎ᠪᠠᠷ ᠬᠦᠴᠦᠨ ᠵᠶ᠋ᠡᠨ ᠨᠢᠭᠳᠠᠷᠠᠭᠤᠯᠤᠨ》 ᠣᠷᠴᠢᠨ ᠲᠤᠭᠤᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠳᠡ ᠵᠢᠨ ᠬᠢᠨᠠᠨ ᠵᠦᠪᠰᠢᠶᠡᠷᠡᠬᠦ ᠦᠢ᠍ᠯᠡᠴᠢᠯᠡᠭᠡ ᠵᠢ ᠲᠠᠰᠤᠷᠠᠯᠲᠠ ᠥᠬᠡᠶ ᠴᠢᠩᠳᠠᠯᠠᠵᠤ ᠪᠠᠢ᠌ᠨ᠎ᠠ
ᠬᠥᠬᠡᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠵᠤ ᠠᠬᠤᠶ᠋ᠢᠯᠠᠯ᠎ᠤᠨ ᠬᠦᠴᠢᠷᠳᠡᠯ᠎ᠢ ᠲᠠᠢ᠌ᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠠᠢ᠌ᠨ᠎ᠠ
 
             蒙ICP备05000248号