ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠦᠬᠠᠶ ᠬᠣᠲᠠ ᠨᠠᠮᠤᠷ᠎ᠤᠨ ᠤᠯᠠᠷᠢᠯ᠎ᠤᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠬᠠᠮᠢᠶᠠᠷᠤᠯᠲᠠ ᠡᠵᠡᠮᠳᠡᠯ ᠵᠢᠴᠢ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠪᠡᠯᠡᠳᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠳᠤᠷ ᠬᠢᠵᠦ ᠪᠠᠢ᠌ᠨ᠎ᠠ
ᠨᠡᠶ᠋ᠢᠲᠡᠯᠡᠭᠰᠡᠨ ᠴᠠᠭ᠄ 2022-12-01

      ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ 2022 ᠣᠨ᠎ᠤ ᠨᠠᠮᠤᠷ᠎ᠤᠨ ᠤᠯᠠᠷᠢᠯ᠎ᠤᠨ ᠵᠡᠭᠦᠨ ᠬᠣᠶ᠋ᠢᠲᠤ ᠣᠷᠣᠨ᠎ᠤ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠬᠠᠮᠢᠶᠠᠷᠤᠯᠲᠠ ᠡᠵᠡᠮᠳᠡᠯ ᠪᠣᠯᠤᠨ ᠡᠪᠦᠯ᠎ᠤᠨ ᠤᠯᠠᠷᠢᠯ᠎ᠤᠨ ᠳᠤᠯᠠᠭ᠋ᠠᠯᠭ᠎ᠠ ᠵᠢᠨ ᠪᠡᠯᠡᠳᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠭᠦᠨᠵᠡᠭᠡᠢ ᠰᠠᠢ᠌ᠳᠤᠷ ᠬᠢᠵᠦ᠂ ᠨᠠᠮᠤᠷ ᠡᠪᠦᠯ᠎ᠤᠨ ᠤᠯᠠᠷᠢᠯ᠎ᠤᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷᠵᠢᠯ᠎ᠢ ᠦᠷᠭᠦᠯᠵᠢᠯᠡᠨ ᠰᠠᠢ᠌ᠵᠢᠷᠠᠭᠤᠯᠬᠤ ᠵᠢᠨ ᠲᠤᠰᠠᠳᠠ᠂ ᠮᠠᠨ᠎ᠤ ᠰᠠᠯᠪᠤᠷᠢ ᠠᠩᠭᠢ ᠵᠢᠨ᠎ᠬᠢᠨ ᠬᠠᠤᠯᠢ ᠬᠡᠷᠡᠭᠵᠢᠭᠦᠯᠦᠯᠳᠡ ᠵᠢᠨ ᠬᠦᠴᠦᠨ᠎ᠢ ᠵᠣᠬᠢᠶᠠᠨ ᠪᠠᠢ᠌ᠭᠤᠯᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠡᠳᠦᠷ ᠪᠦᠷᠢ ᠵᠢᠨ ᠡᠰᠢ ᠰᠦᠷᠡᠯ᠎ᠤᠨ ᠭᠠᠯ᠎ᠤᠨ ᠴᠡᠭ᠎ᠢ ᠠᠬᠤᠢ ᠲᠠᠯᠠᠪᠠᠢ᠎ᠳᠤ᠎ᠨᠢ ᠬᠢᠨᠠᠨ ᠬᠠᠷᠭᠤᠭᠤᠯᠤᠭᠰᠠᠨ᠎ᠤ ᠬᠠᠮᠲᠤ ᠳᠤᠯᠠᠭ᠋ᠠᠯᠭ᠎ᠠ ᠵᠢᠨ ᠤᠯᠠᠷᠢᠯ ᠬᠦᠷᠴᠦ ᠢᠷᠡᠬᠦ ᠲᠠᠰᠢᠷᠠᠮ᠎ᠳᠤ᠂ ᠳᠤᠯᠠᠭ᠋ᠠᠯᠭ᠎ᠠ ᠵᠢᠨ ᠠᠵᠤ ᠠᠬᠤᠶ᠋ᠢᠯᠠᠯ᠎ᠳᠤ ᠲᠣᠭᠲᠠᠮᠠᠯ ᠪᠤᠰᠤ ᠬᠤᠭᠤᠴᠠᠭ᠎ᠠ᠎ᠪᠠᠷ ᠪᠠᠶ᠋ᠢᠴᠠᠭ᠋ᠠᠯᠲᠠ ᠬᠢᠬᠦ ᠵᠢ ᠭᠣᠣᠯᠳᠠᠯᠭ᠎ᠠ᠎ᠲᠠᠢ ᠥᠷᠨᠢᠭᠦᠯᠵᠦ᠂ ᠡᠯ᠎ᠡ ᠳᠤᠯᠠᠭ᠋ᠠᠯᠭ᠎ᠠ ᠵᠢᠨ ᠠᠵᠤ ᠠᠬᠤᠶ᠋ᠢᠯᠠᠯ᠎ᠤᠨ᠎ᠬᠢᠨ ᠨᠡᠭᠦᠷᠡᠰᠦ ᠲᠦᠯᠡᠵᠦ ᠢᠯᠴᠢ ᠬᠠᠩᠭ᠋ᠠᠬᠤ ᠭᠦᠸᠧᠯᠦ ᠵᠢᠨ ᠬᠦᠬᠦᠷ ᠥᠬᠡᠶ᠋ᠢᠳᠡᠭᠦᠯᠬᠦ ᠱᠡᠤ ᠥᠬᠡᠶ᠋ᠢᠳᠡᠭᠦᠯᠬᠦ ᠲᠣᠭᠣᠰᠣ ᠠᠷᠢᠯᠭ᠋ᠠᠬᠤ ᠪᠡᠯᠡᠳᠭᠡᠮᠵᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠴᠢ ᠠᠦ᠋ᠲ᠋ᠣ᠋ ᠬᠢᠨᠠᠨ ᠡᠵᠡᠮᠳᠡᠬᠦ ᠲᠥᠬᠥᠭᠡᠷᠦᠮᠵᠢ ᠵᠢᠨ ᠰᠢᠯᠭ᠋ᠠᠨ ᠪᠠᠶ᠋ᠢᠴᠠᠭ᠋ᠠᠯᠲᠠ ᠵᠢ ᠤᠷᠢᠳᠴᠢᠯᠠᠨ ᠥᠷᠨᠢᠭᠦᠯᠬᠦ ᠵᠢ ᠱᠠᠭ᠋ᠠᠷᠳᠠᠵᠤ᠂ 10 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ ᠨᠠᠭ᠋ᠠᠰᠢ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠭᠰᠡᠨ᠎ᠤ ᠬᠠᠮᠲᠤ᠂ ᠠᠬᠤᠢ ᠲᠠᠯᠠᠪᠠᠶ ᠵᠢᠨ ᠪᠤᠰᠤ ᠪᠠᠶ᠋ᠢᠴᠠᠭ᠋ᠠᠯᠲᠠ᠎ᠲᠠᠢ ᠤᠶᠠᠯᠳᠤᠭᠤᠯᠤᠨ᠂ ᠮᠠᠨ᠎ᠤ ᠰᠠᠯᠪᠤᠷᠢ ᠠᠩᠭᠢ ᠵᠢᠨ᠎ᠬᠢᠨ ᠬᠠᠤᠯᠢ ᠬᠡᠷᠡᠭᠵᠢᠭᠦᠯᠦᠯᠳᠡ ᠵᠢᠨ ᠠᠵᠢᠯᠲᠠᠨ᠎ᠢ ᠨᠡᠶ᠋ᠢᠲᠡ 25 ᠬᠥᠮᠦᠨ ᠤᠳᠠᠭ᠎ᠠ ᠬᠥᠳᠡᠯᠭᠡᠵᠦ᠂ ᠢᠯᠴᠢ ᠬᠠᠩᠭ᠋ᠠᠬᠤ ᠠᠵᠤ ᠠᠬᠤᠶ᠋ᠢᠯᠠᠯ᠎ᠢ 10 ᠤᠳᠠᠭ᠎ᠠ ᠪᠠᠶ᠋ᠢᠴᠠᠭ᠋ᠠᠵᠤ᠂ ᠦᠬᠠᠶ ᠬᠣᠲᠠ ᠵᠢᠨ ᠢᠯᠴᠢ ᠬᠠᠩᠭ᠋ᠠᠬᠤ ᠠᠵᠤ ᠠᠬᠤᠶ᠋ᠢᠯᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠭᠡᠮᠵᠢ ᠵᠢᠨ ᠠᠵᠢᠯᠯᠠᠭ᠋ᠠᠨ᠂ ᠰᠦᠯᠵᠢᠶ᠎ᠡ᠎ᠪᠠᠷ ᠬᠢᠨᠠᠨ ᠬᠡᠮᠵᠢᠬᠦ ᠪᠡᠯᠡᠳᠭᠡᠮᠵᠢ ᠵᠢᠨ ᠠᠵᠢᠯᠯᠠᠭ᠋ᠠᠨ᠂ ᠨᠡᠭᠦᠷᠡᠰᠦ ᠬᠠᠳᠠᠭ᠋ᠠᠯᠠᠬᠤ ᠲᠠᠯᠠᠪᠤᠷ ᠭᠠᠵᠠᠷ᠎ᠤᠨ ᠲᠣᠭᠣᠰᠣ ᠰᠢᠷᠣᠶ ᠵᠢᠨ ᠪᠣᠬᠢᠷᠲᠤᠯ᠎ᠢ ᠬᠠᠮᠢᠶᠠᠷᠤᠨ ᠡᠵᠡᠮᠳᠡᠵᠦ ᠪᠠᠶ᠋ᠢᠭ᠎ᠠ ᠪᠠᠶ᠋ᠢᠳᠠᠯ ᠵᠡᠷᠭᠡ᠎ᠳᠤ ᠪᠦᠬᠦ ᠲᠠᠯ᠎ᠠ ᠵᠢᠨ ᠪᠠᠶ᠋ᠢᠴᠠᠭ᠋ᠠᠯᠲᠠ ᠬᠢᠵᠦ᠂ ᠡᠯ᠎ᠡ ᠠᠵᠤ ᠠᠬᠤᠶ᠋ᠢᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠭᠡᠮᠵᠢ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠴᠢ ᠬᠠᠮᠠᠭ᠋ᠠᠯᠠᠯᠲᠠ ᠵᠢ ᠴᠢᠩᠳᠠᠯᠠᠵᠤ᠂ ᠳᠠᠯᠳᠠᠭᠤᠷ ᠭᠠᠳᠠᠭᠰᠢᠯᠠᠭᠤᠯᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠬᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠬᠦ ᠵᠡᠷᠭᠡ ᠵᠤᠷᠢᠭᠤᠳᠠ᠎ᠪᠠᠷ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠶᠠᠭ᠋ᠠᠬᠢᠭᠰᠠᠨ ᠴᠤ᠌ ᠭᠠᠷᠭ᠋ᠠᠵᠤ ᠪᠣᠯᠬᠤ ᠦᠭᠡᠢ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠨᠢᠭᠡᠳᠦᠯᠲᠡᠢ ᠲᠥᠯᠥᠪᠵᠢᠭᠦᠯᠦᠨ ᠨᠡᠢ᠍ᠢ᠍ᠳᠡ᠎ᠳᠤ᠎ᠨᠢ ᠬᠠᠷᠠᠭ᠋ᠠᠯᠵᠠᠬᠤ᠂ ᠬᠣᠶᠠᠷ ᠲᠠᠯ᠎ᠠ᠎ᠠᠴᠠ   ᠭᠠᠷᠳᠠᠨ ᠬᠠᠮᠢᠶᠠᠷᠤᠯᠳᠠ ᠵᠢᠨ ᠠᠵᠢᠯ ᠵᠶ᠋ᠠᠨ ᠵᠡᠷᠭᠡ᠎ᠪᠠᠷ ᠬᠢᠬᠦ ᠵᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ 《ᠭᠤᠷᠪᠠᠨ ᠲᠠᠯ᠎ᠠ᠎ᠪᠠᠷ ᠬᠦᠴᠦᠨ ᠵᠶ᠋ᠡᠨ ᠨᠢᠭᠳᠠᠷᠠᠭᠤᠯᠤᠨ》 ᠣᠷᠴᠢᠨ ᠲᠤᠭᠤᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠳᠡ ᠵᠢᠨ ᠬᠢᠨᠠᠨ ᠵᠦᠪᠰᠢᠶᠡᠷᠡᠬᠦ ᠦᠢ᠍ᠯᠡᠴᠢᠯᠡᠭᠡ ᠵᠢ ᠲᠠᠰᠤᠷᠠᠯᠲᠠ ᠥᠬᠡᠶ ᠴᠢᠩᠳᠠᠯᠠᠵᠤ ᠪᠠᠢ᠌ᠨ᠎ᠠ
ᠬᠥᠬᠡᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠵᠤ ᠠᠬᠤᠶ᠋ᠢᠯᠠᠯ᠎ᠤᠨ ᠬᠦᠴᠢᠷᠳᠡᠯ᠎ᠢ ᠲᠠᠢ᠌ᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠪᠥᠬᠥ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠳᠡ ᠵᠢᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠵᠤ ᠪᠠᠢ᠌ᠴᠠᠭ᠋ᠠᠨ ᠴᠡᠭᠴᠡᠯᠡᠨ ᠵᠠᠰᠠᠭᠰᠠᠨ ᠠᠵᠢᠯ᠎ᠤᠨ ᠦᠷ᠎ᠡ ᠪᠦᠳᠦᠮᠵᠢ ᠵᠢᠨ ᠪᠠᠢ᠌ᠳᠠᠯ
 
             蒙ICP备05000248号