ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠬᠥᠬᠡᠬᠣᠲᠠ ᠵᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠵᠤ ᠠᠬᠤᠶ᠋ᠢᠯᠠᠯ᠎ᠤᠨ ᠬᠦᠴᠢᠷᠳᠡᠯ᠎ᠢ ᠲᠠᠢ᠌ᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2022-12-02

      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠵᠢᠨ ᠬᠠᠮᠲᠤ᠂ ᠦᠢ᠍ᠯᠡᠴᠢᠯᠡᠬᠦ ᠤᠬᠠᠮᠰᠠᠷ ᠵᠶ᠋ᠠᠨ ᠶᠡᠬᠡ᠎ᠪᠠᠷ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠎ᠪᠠᠨ ᠴᠢᠩᠭ᠋ᠠᠳᠬᠠᠵᠤ᠂ ᠡᠵᠡᠩᠨᠡᠨ ᠬᠤᠳᠠᠯᠳᠤᠭ᠋ᠠᠯᠠᠬᠤ ᠤᠷᠴᠢᠨ ᠨᠦᠭᠦᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠬᠦ ᠵᠢᠨ ᠲᠤᠰᠠᠳᠠ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠤᠯᠠᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠵᠤ ᠠᠬᠤᠶ᠋ᠢᠯᠠᠯ᠎ᠤᠨ ᠬᠦᠴᠢᠷᠳᠡᠯ᠎ᠢ ᠲᠠᠢ᠌ᠯᠵᠤ ᠥᠭᠴᠡᠢ᠃

      ᠨᠢᠭᠡ᠂ ᠲᠥᠷᠥᠯ ᠵᠦᠢ᠍ᠯ᠎ᠤᠨ ᠬᠢᠨᠠᠨ ᠵᠦᠪᠰᠢᠶᠡᠷᠡᠬᠦ᠎ᠠᠴᠠ ᠭᠡᠯᠳᠦᠷᠢᠭᠦᠯᠬᠦ᠂ ᠭᠠᠷ ᠭᠦᠢ᠍ᠴᠡᠳᠭᠡᠯ᠎ᠨᠢ ᠲᠤᠳᠠᠮᠠᠭ ᠪᠠᠢ᠌ᠬᠤ ᠵᠢ ᠪᠠᠭᠳᠠᠭ᠋ᠠᠨ ᠭᠦᠢ᠍ᠴᠡᠳᠭᠡᠯᠭᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ

     (ᠨᠢᠭᠡ) 《ᠬᠡᠯᠳᠦᠷᠢᠭᠦᠯᠵᠤ ᠭᠦᠢ᠍ᠴᠡᠳᠭᠡᠯᠭᠡᠬᠦ》 《ᠠᠮᠠᠯᠠᠯᠵᠤ ᠭᠦᠢ᠍ᠴᠡᠳᠭᠡᠯᠭᠡᠬᠦ》 ᠵᠢ ᠬᠡᠷᠡᠭᠵᠢᠭᠦᠯᠦᠨ᠎ᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠂ ᠡᠮᠴᠢᠯᠡᠭᠡ ᠡᠷᠡᠭᠦᠯ ᠬᠠᠮᠠᠭ᠋ᠠᠯᠠᠯ᠂ ᠡᠳ᠋ ᠪᠣᠳᠠᠰ᠎ᠤᠨ ᠦᠢ᠍ᠯᠡᠳᠪᠦᠷᠢᠯᠡᠯ᠂ ᠰᠤᠳᠤᠯᠭ᠋ᠠᠨ᠎ᠤ ᠲᠤᠷᠰᠢᠯᠲᠠ ᠵᠡᠷᠭᠡ ᠲᠦᠷ ᠴᠠᠭ᠎ᠤᠨ ᠴᠢᠨᠠᠷᠲᠠᠶ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠤᠶᠤ ᠦᠢ᠍ᠯᠡᠳᠪᠦᠷᠢᠯᠡᠯ ᠵᠶ᠋ᠠᠨ ᠪᠤᠰᠤᠳ ᠲᠡᠢ᠌ᠰᠢ ᠬᠤᠪᠢᠷᠠᠭᠤᠯᠤᠭᠰᠠᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠭᠠᠷᠳᠠᠮ᠎ᠢ ᠭᠡᠯᠳᠦᠷᠢᠭᠦᠯᠬᠦ ᠬᠡᠷᠡᠭᠲᠡᠶ᠃ ᠬᠢᠵᠢᠭ᠎ᠤᠨ ᠪᠠᠶ᠋ᠢᠳᠠᠯ ᠲᠠᠢ᠌ᠯᠤᠭᠳᠠᠭᠰᠠᠨ᠎ᠤ ᠲᠠᠷᠠᠭ᠎ᠠ ᠳᠡᠭᠡᠷ᠎ᠡ ᠳᠤᠷᠠᠳᠤᠭᠰᠠᠨ ᠭᠤᠷᠪᠠᠨ ᠵᠦᠢ᠍ᠯ᠎ᠤᠨ ᠲᠦᠷᠦᠯ ᠵᠦᠢ᠍ᠯ᠎ᠳᠤ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢ ᠮᠥᠨ ᠯᠡ ᠬᠡᠷᠡᠭᠯᠡᠬᠦ ᠴᠢᠬᠤᠯᠠ᠎ᠲᠠᠢ ᠦᠶ᠎ᠡ᠎ᠳᠤ ᠮᠡᠳᠡᠭᠳᠡᠬᠦ ᠬᠡᠯᠪᠡᠷᠢ᠎ᠪᠠᠷ ᠠᠮᠠᠯᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃

     (ᠬᠣᠶᠠᠷ) 《ᠭᠠᠷ ᠭᠦᠢ᠍ᠴᠡᠳᠭᠡᠯ᠎ᠨᠢ ᠲᠤᠳᠠᠮᠠᠭ ᠪᠠᠢ᠌ᠬᠤ ᠵᠢ ᠪᠠᠭᠳᠠᠭ᠋ᠠᠨ ᠭᠦᠢ᠍ᠴᠡᠳᠭᠡᠯᠭᠡᠬᠦ》 ᠵᠢ ᠬᠡᠷᠡᠭᠵᠢᠭᠦᠯᠦᠨ᠎ᠡ᠃ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠭᠣᠭᠴᠣᠭ᠎ᠠ᠎ᠳᠤ ᠠᠬᠤᠢ ᠲᠠᠯᠠᠪᠠᠢ᠎ᠳᠤ ᠬᠠᠶ᠋ᠢᠨ ᠰᠢᠨᠵᠢᠬᠦ ᠵᠢ ᠲᠦᠷ ᠭᠡᠯᠳᠦᠷᠢᠭᠦᠯᠵᠦ᠂ ᠭᠤᠶᠤᠴᠢᠯᠠᠭᠴᠢ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠥᠶ ᠪᠢᠴᠢᠭ᠎ᠤᠨ ᠠᠮᠠᠯᠠᠯᠲᠠ ᠬᠢᠭᠰᠡᠨ᠎ᠤ ᠳᠠᠷᠠᠭ᠎ᠠ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠭᠤᠶᠤᠴᠢᠯᠠᠭᠴᠢ ᠵᠢᠨ ᠢᠲᠡᠭᠡᠮᠵᠢ ᠵᠢᠨ ᠪᠠᠶ᠋ᠢᠳᠠᠯ᠎ᠢ ᠦᠨᠳᠦᠰᠦᠯᠡᠨ ᠭᠠᠷ ᠭᠦᠢ᠍ᠴᠡᠳᠭᠡᠯ᠎ᠨᠢ ᠲᠤᠳᠠᠮᠠᠭ ᠪᠠᠢ᠌ᠬᠤ ᠵᠢ ᠪᠠᠭᠳᠠᠭ᠋ᠠᠨ ᠭᠥᠯᠢᠶᠡᠨ ᠠᠪᠴᠤ ᠰᠢᠢ᠍ᠳᠪᠦᠷᠢᠯᠡᠬᠦ᠂ ᠰᠡᠭᠦᠯᠴᠢ ᠵᠢᠨ ᠬᠤᠭᠤᠴᠠᠭ᠋ᠠᠨ᠎ᠳᠤ ᠨᠥᠬᠥᠪᠥᠷᠢᠯᠡᠨ ᠵᠠᠯᠠᠷᠠᠭᠤᠯᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠬᠢᠨᠠᠨ ᠵᠥᠪᠰᠢᠶᠡᠷᠡᠬᠦ ᠲᠣᠭᠲᠠᠭ᠋ᠠᠯ ᠭᠠᠷᠭ᠋ᠠᠬᠤ ᠪᠣᠯᠤᠨ᠎ᠠ᠃ ᠬᠠᠷᠢᠯᠴᠠᠬᠤ ᠤᠲᠠᠰᠤ᠄ 5332071᠃

      ᠬᠣᠶᠠᠷ᠂ ᠰᠦᠯᠵᠢᠶ᠎ᠡ᠎ᠪᠠᠷ ᠭᠦᠢ᠍ᠴᠡᠳᠭᠡᠬᠦ ᠵᠢ ᠶᠡᠬᠡ᠎ᠪᠠᠷ ᠬᠡᠷᠡᠭᠵᠢᠭᠦᠯᠦᠨ᠎ᠡ

     (ᠨᠢᠭᠡ) ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠳᠡ ᠵᠢ ᠬᠢᠨᠠᠨ ᠵᠥᠪᠰᠢᠶᠡᠷᠡᠬᠦ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠵᠢ ᠭᠦᠢ᠍ᠴᠡᠳᠭᠡᠬᠦ ᠪᠥᠬᠥ ᠶᠠᠪᠤᠴᠠ ᠵᠢ 《ᠰᠦᠯᠵᠢᠶ᠎ᠡ᠎ᠪᠠᠷ ᠭᠦᠢ᠍ᠴᠡᠳᠭᠡᠨ᠎ᠡ᠂ ᠨᠢᠭᠤᠷ ᠵᠣᠯᠭ᠋ᠠᠬᠤ ᠥᠬᠡᠶ᠎ᠪᠠᠷ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ》᠂ ᠭᠦᠢ᠍ᠴᠡᠳᠭᠡᠬᠦ ᠰᠦᠯᠵᠢᠶᠡᠨ᠎ᠤ ᠬᠠᠶᠢᠭ᠄ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠳᠡ ᠵᠢᠨ ᠬᠢᠨᠠᠨ ᠵᠥᠪᠰᠢᠶᠡᠷᠡᠯ (http://114.251.10.205); ᠪᠣᠬᠢᠷᠲᠤᠯ ᠪᠤᠳᠠᠰ᠎ᠢ ᠭᠠᠳᠠᠭᠰᠢᠯᠠᠭᠤᠯᠬᠤ ᠵᠥᠪᠰᠢᠶᠡᠷᠡᠯ (http://permit.mee.gov.cn/)᠃ ᠬᠠᠷᠢᠯᠴᠠᠬᠤ ᠤᠲᠠᠰᠤ᠄ 5332071᠂ 4617805᠃

     (ᠬᠣᠶᠠᠷ) ᠠᠵᠤ ᠠᠬᠤᠶ᠋ᠢᠯᠠᠯ᠎ᠤᠨ ᠭᠣᠤᠯ ᠤᠷᠤᠭᠤ ᠪᠣᠬᠢᠷᠲᠤᠯ ᠪᠤᠳᠠᠰ ᠭᠠᠳᠠᠭᠰᠢᠯᠠᠭᠤᠯᠬᠤ ᠭᠠᠵᠠᠷ ᠪᠠᠢ᠌ᠷᠢᠯᠠᠭᠤᠯᠬᠤ ᠵᠢ ᠬᠢᠨᠠᠨ ᠵᠥᠪᠰᠢᠶᠡᠷᠡᠬᠦ ᠠᠵᠢᠯ᠎ᠳᠤ᠂ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠪᠠᠷ ᠳᠡᠮᠵᠢᠨ 《ᠭᠣᠤᠯ ᠤᠷᠤᠭᠤ ᠪᠣᠬᠢᠷᠲᠤᠯ ᠪᠤᠳᠠᠰ ᠭᠠᠳᠠᠭᠰᠢᠯᠠᠭᠤᠯᠬᠤ ᠭᠠᠵᠠᠷ ᠪᠠᠢ᠌ᠷᠢᠯᠠᠭᠤᠯᠬᠤ ᠵᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠵᠢᠴᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠬᠤ》 ᠵᠠᠩᠭᠢᠯᠠᠭ᠎ᠠ ᠵᠢᠨ ᠴᠡᠭ᠎ᠲᠤ ᠣᠷᠣᠵᠤ᠂ ᠬᠠᠮᠢᠶ᠎ᠠ ᠪᠥᠬᠥᠶ ᠮᠠᠲ᠋ᠧᠷᠢᠶᠠᠯ᠎ᠢ ᠲᠤᠰᠢᠶᠠᠨ᠎ᠠ᠂ ᠮᠠᠨ᠎ᠤ ᠲᠣᠪᠴᠢᠶ᠎ᠠ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠢ ᠤᠷᠢᠵᠤ ᠮᠠᠲ᠋ᠧᠷᠢᠶᠠᠯ᠎ᠢ ᠰᠦᠯᠵᠢᠶ᠎ᠡ᠎ᠪᠠᠷ ᠬᠢᠨᠠᠨ ᠬᠠᠷᠭᠤᠭᠤᠯᠵᠤ᠂ ᠵᠢᠯᠣᠭᠣᠳᠬᠤ ᠰᠠᠨᠠᠯ ᠳᠤᠷᠠᠳᠤᠨ᠂ 《ᠨᠢᠭᠡ ᠯᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠦᠨ᠎ᠡ᠃ ᠬᠠᠷᠢᠯᠴᠠᠬᠤ ᠤᠲᠠᠰᠤ᠄ 4617803᠃   

     (ᠭᠤᠷᠪᠠ) ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠠᠯᠪᠠᠳᠠᠯᠭ᠎ᠠ ᠵᠢᠨ ᠴᠢᠨᠠᠷᠲᠠᠶ᠎ᠪᠠᠷ ᠬᠡᠷᠡᠭᠵᠢᠭᠦᠯᠵᠦ ᠪᠠᠶ᠋ᠢᠭ᠎ᠠ ᠠᠵᠤ ᠠᠬᠤᠶ᠋ᠢᠯᠠᠯ᠎ᠳᠤ᠂ ᠮᠠᠨ᠎ᠤ ᠲᠣᠪᠴᠢᠶ᠎ᠠ ᠰᠦᠯᠵᠢᠶ᠎ᠡ᠎ᠪᠠᠷ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠲᠠᠶ᠋ᠢᠯᠤᠮᠵᠢ ᠵᠢᠴᠢ ᠥᠷᠨᠢᠭᠦᠯᠬᠦ ᠶᠠᠪᠤᠴᠠ᠎ᠳᠤ᠎ᠬᠢ ᠮᠠᠳᠠᠭ᠎ᠲᠠᠢ ᠠᠰᠠᠭᠤᠳᠠᠯ᠎ᠢ ᠲᠠᠶ᠋ᠢᠯᠪᠤᠷᠢᠯᠠᠨ ᠲᠥᠭᠡᠷᠢᠭᠳᠡᠯ᠎ᠢ ᠲᠠᠢ᠌ᠯᠬᠤ ᠵᠢ ᠬᠠᠩᠭ᠋ᠠᠬᠤ ᠵᠢᠨ ᠬᠠᠮᠲᠤ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠢ ᠤᠷᠢᠵᠤ ᠠᠵᠤ ᠠᠬᠤᠶ᠋ᠢᠯᠠᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠵᠢ ᠰᠦᠯᠵᠢᠶ᠎ᠡ᠎ᠪᠠᠷ ᠤᠷᠢᠳᠴᠢᠯᠠᠨ ᠬᠢᠨᠠᠨ ᠬᠠᠷᠭᠤᠭᠤᠯᠵᠤ᠂ ᠵᠢᠯᠣᠭᠣᠳᠬᠤ ᠰᠠᠨᠠᠯ ᠳᠤᠷᠠᠳᠤᠨ᠎ᠠ᠃ ᠬᠠᠷᠢᠯᠴᠠᠬᠤ ᠤᠲᠠᠰᠤ᠄ 5315701᠃

      ᠭᠤᠷᠪᠠ᠂ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠰᠢᠯᠢᠳᠡᠭᠵᠢᠭᠦᠯᠦᠨ᠎ᠡ

     (ᠨᠢᠭᠡ) ᠣᠷᠴᠢᠨ ᠲᠣᠭᠣᠷᠢᠨ᠎ᠤ ᠠᠦ᠋ᠲ᠋ᠣ᠋ ᠬᠢᠨᠠᠨ ᠬᠡᠮᠵᠢᠯᠳᠡ ᠬᠢᠨᠠᠨ ᠡᠵᠡᠮᠳᠡᠬᠦ ᠰᠢᠰᠲ᠋ᠧᠮ᠂ ᠸᠢᠳᠢᠤ᠋᠎ᠪᠠᠷ ᠬᠢᠨᠠᠨ ᠡᠵᠡᠮᠳᠡᠬᠦ ᠰᠢᠰᠲ᠋ᠧᠮ ᠵᠡᠷᠭᠡ ᠵᠢ ᠠᠰᠢᠭᠯᠠᠨ ᠠᠬᠤᠢ ᠲᠠᠯᠠᠪᠠᠢ ᠵᠢᠨ ᠪᠤᠰᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠥᠷᠨᠢᠭᠦᠯᠵᠦ᠂ ᠠᠵᠤ ᠠᠬᠤᠶ᠋ᠢᠯᠠᠯ᠎ᠤᠨ ᠬᠢᠨᠠᠨ ᠬᠠᠮᠢᠶᠠᠷᠤᠯᠳᠠ ᠬᠠᠤᠯᠢ ᠬᠡᠷᠡᠭᠵᠢᠭᠦᠯᠦᠯᠳᠡ ᠵᠢᠨ 《ᠵᠥᠪ ᠲᠠᠯ᠎ᠠ ᠵᠢᠨ ᠨᠠᠷᠢᠨ ᠲᠠᠩᠰᠠ》᠎ᠳᠤ ᠣᠷᠣᠭᠤᠯᠬᠤ᠎ᠪᠠᠷ ᠭᠤᠶᠤᠴᠢᠯᠠᠬᠤ ᠵᠢ ᠬᠠᠪᠰᠤᠷᠤᠨ ᠲᠡᠳᠬᠦᠵᠦ ᠵᠢᠯᠣᠭᠣᠳᠤᠨ᠂ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠨᠠᠷᠢᠯᠢᠬ᠍ᠵᠢᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠠᠷᠢᠯᠴᠠᠬᠤ ᠤᠲᠠᠰᠤ᠄ 4617817᠃

     (ᠬᠣᠶᠠᠷ) ᠠᠵᠤ ᠠᠬᠤᠶ᠋ᠢᠯᠠᠯ᠎ᠤᠨ ᠢᠲᠡᠭᠡᠮᠵᠢ ᠵᠢ᠎ᠨᠢ ᠰᠡᠷᠭᠦᠭᠡᠬᠦ ᠦᠢ᠍ᠯᠡᠴᠢᠯᠡᠭᠡ ᠵᠢ ᠢᠳᠡᠪᠬᠢᠲᠡᠶ ᠰᠠᠶ᠋ᠢᠲᠤᠷ ᠬᠢᠵᠦ᠂ ᠠᠵᠤ ᠠᠬᠤᠶ᠋ᠢᠯᠠᠯ᠎ᠳᠤ ᠬᠠᠤᠯᠢ ᠴᠠᠭ᠋ᠠᠵᠠ ᠵᠢᠨ ᠯᠠᠪᠯᠠᠯᠭ᠎ᠠ ᠵᠢᠨ ᠠᠷᠭ᠎ᠠ ᠵᠠᠮ ᠬᠠᠩᠭ᠋ᠠᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠬᠠᠪᠰᠤᠷᠤᠨ ᠬᠢᠵᠢᠭ᠎ᠤᠨ ᠨᠥᠯᠥᠭᠡ᠎ᠠᠴᠠ ᠪᠣᠯᠤᠭᠰᠠᠨ ᠢᠲᠡᠭᠡᠮᠵᠢ ᠵᠢ᠎ᠨᠢ ᠰᠡᠷᠭᠦᠭᠡᠬᠦ ᠵᠡᠷᠭᠡ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠨ᠎ᠡ᠃ ᠬᠠᠷᠢᠯᠴᠠᠬᠤ ᠤᠲᠠᠰᠤ᠄ 52014 47᠃

     (ᠭᠤᠷᠪᠠ) ᠮᠠᠨ᠎ᠤ ᠬᠣᠲᠠ ᠵᠢᠨ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 192 ᠲᠤᠰᠬᠠᠶ ᠠᠵᠢᠯᠲᠠᠨ᠎ᠢ ᠵᠣᠬᠢᠶᠠᠨ ᠪᠠᠶ᠋ᠢᠭᠤᠯᠵᠤ 《ᠬᠥᠬᠡᠬᠣᠲᠠ ᠵᠢᠨ ᠠᠦ᠋ᠲ᠋ᠣ᠋ ᠬᠢᠨᠠᠨ ᠡᠵᠡᠮᠳᠡᠯ᠎ᠤᠨ ᠰᠢᠰᠲ᠋ᠧᠮ᠎ᠤᠨ 4.2 ᠠᠵᠤ ᠠᠬᠤᠶ᠋ᠢᠯᠠᠯ᠎ᠤᠨ ᠦᠵᠦᠭᠦᠷ᠎ᠤᠨ ᠸᠢᠴᠠᠲ᠎ᠤᠨ ᠦᠢ᠍ᠯᠡᠴᠢᠯᠡᠭᠡᠨ᠎ᠤ ᠬᠤᠯᠪᠤᠭ᠎ᠠ》᠎ᠳᠤ ᠣᠷᠣᠭᠤᠯᠪᠠ᠃ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠰᠦᠯᠵᠢᠶ᠎ᠡ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢᠨ ᠰᠦᠯᠵᠢᠶ᠎ᠡ᠂ ᠲᠣᠭ᠎ᠠ ᠪᠠᠷᠢᠮᠲᠠ ᠵᠢᠨ ᠲᠡᠮᠳᠡᠭ᠂ ᠲᠣᠭ᠎ᠠ ᠪᠠᠷᠢᠮᠲᠠ ᠵᠢᠨ ᠳᠠᠮᠵᠢᠭᠤᠯᠭ᠎ᠠ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠢᠰᠲ᠋ᠧᠮ᠎ᠤᠨ ᠲᠤᠳᠤᠭ᠋ᠠᠳᠤᠬᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ᠂ ᠰᠤᠳᠤᠯᠤᠨ ᠨᠡᠭᠡᠭᠡᠬᠦ᠂ ᠲᠡᠮᠳᠡᠭ ᠲᠠᠯᠪᠢᠬᠤ ᠲᠤᠰᠬᠠᠶ ᠮᠡᠷᠭᠡᠵᠢᠯᠲᠡᠨ ᠵᠢᠴᠢ ᠮᠠᠨ᠎ᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠡᠵᠡᠮᠳᠡᠯ᠎ᠤᠨ ᠲᠥᠪ᠎ᠤᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ ᠪᠠ ᠬᠣᠰᠢᠭᠤ ᠰᠢᠶᠠᠨ ᠲᠣᠭᠣᠷᠢᠭ᠎ᠤᠨ ᠰᠦᠯᠵᠢᠶ᠎ᠡ᠎ᠪᠠᠷ ᠬᠢᠨᠠᠨ ᠡᠵᠡᠮᠳᠡᠬᠦ ᠬᠠᠮᠢᠶᠠᠷᠤᠯᠲᠠ ᠵᠢᠨ ᠠᠵᠢᠯᠲᠠᠨ᠎ᠢ ᠤᠷᠢᠵᠤ ᠲᠣᠰ ᠬᠤᠯᠪᠤᠭ᠋ᠠᠨ᠎ᠳᠤ 24 ᠴᠠᠭ᠎ᠤᠨ ᠳᠣᠲᠣᠷ᠎ᠠ ᠠᠵᠤ ᠠᠬᠤᠶ᠋ᠢᠯᠠᠯ᠎ᠤᠨ ᠮᠠᠳᠠᠭ᠎ᠲᠠᠢ ᠠᠰᠠᠭᠤᠳᠠᠯ᠎ᠢ᠎ᠨᠢ ᠳᠡᠶ᠋ᠢᠯᠵᠦ᠂ ᠮᠠᠨ᠎ᠤ ᠬᠣᠲᠠ ᠵᠢᠨ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠰᠦᠯᠵᠢᠶ᠎ᠡ᠎ᠪᠠᠷ ᠬᠢᠨᠠᠨ ᠡᠵᠡᠮᠳᠡᠬᠦ ᠲᠣᠭ᠎ᠠ ᠪᠠᠷᠢᠮᠲᠠ ᠵᠢᠨ ᠳᠠᠮᠵᠢᠭᠤᠯᠭ᠎ᠠ ᠵᠢ ᠪᠦᠲᠦᠮᠵᠢᠲᠡᠶ ᠪᠥᠭᠡᠳ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃ ᠬᠠᠷᠢᠯᠴᠠᠬᠤ ᠤᠲᠠᠰᠤ᠄ 4617817᠃

     (ᠳᠥᠷᠪᠡ) ᠡᠳᠦᠷ ᠲᠤᠲᠤᠮ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠎ᠳᠤ ᠢᠯᠡᠷᠡᠭᠦᠯᠦᠭᠰᠡᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠦᠩᠭᠡᠨ ᠪᠠᠢ᠌ᠭ᠎ᠠ᠎ᠳᠤ᠎ᠨᠢ ᠴᠢᠭᠯᠡᠭᠦᠯᠦᠨ᠂ ᠬᠠᠷᠢᠶ᠎ᠠ ᠭᠠᠵᠠᠷ᠎ᠤᠨ ᠬᠤᠪᠢᠶᠠᠷᠢ ᠲᠣᠪᠴᠢᠶ᠎ᠠ᠎ᠠᠴᠠ 《ᠰᠤᠳᠤᠯᠤᠨ ᠮᠠᠭ᠋ᠠᠳᠯᠠᠬᠤ ᠬᠤᠷᠠᠯ》 ᠬᠤᠷᠠᠯᠳᠤᠭᠤᠯᠵᠤ ᠳᠥᠭᠥᠮ ᠳᠥᠲᠡ ᠪᠠᠢ᠌ᠬᠤ᠎ᠪᠠᠷ ᠰᠢᠢ᠍ᠳᠪᠦᠷᠢᠯᠡᠵᠦ᠂ ᠬᠡᠷᠡᠭ ᠵᠠᠷᠭᠤ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠦᠩᠭᠡᠨ ᠪᠠᠢ᠌ᠬᠤ᠎ᠳᠤ ᠬᠦᠷᠪᠡᠯ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰ ᠳᠠᠷᠠᠭ᠋ᠠᠯᠠᠯ᠎ᠢ ᠬᠡᠷᠡᠭᠵᠢᠭᠦᠯᠬᠦ ᠥᠬᠡᠶ᠂ ᠬᠠᠷᠢᠶ᠎ᠠ ᠭᠠᠵᠠᠷ᠎ᠤᠨ ᠬᠤᠪᠢᠶᠠᠷᠢ ᠲᠣᠪᠴᠢᠶ᠎ᠠ᠎ᠠᠴᠠ ᠳᠡᠩᠰᠡᠯᠡᠨ ᠮᠡᠳᠡᠭᠦᠯᠬᠦ ᠲᠦᠷᠢᠮ ᠵᠶ᠋ᠡᠷ ᠭᠦᠢ᠍ᠴᠡᠳᠭᠡᠯᠭᠡᠨ᠎ᠡ᠃ ᠬᠠᠷᠢᠯᠴᠠᠬᠤ ᠤᠲᠠᠰᠤ᠄ 52014 47᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠪᠥᠬᠥ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠳᠡ ᠵᠢᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠵᠤ ᠪᠠᠢ᠌ᠴᠠᠭ᠋ᠠᠨ ᠴᠡᠭᠴᠡᠯᠡᠨ ᠵᠠᠰᠠᠭᠰᠠᠨ ᠠᠵᠢᠯ᠎ᠤᠨ ᠦᠷ᠎ᠡ ᠪᠦᠳᠦᠮᠵᠢ ᠵᠢᠨ ᠪᠠᠢ᠌ᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠠᠵᠢᠯ᠎ᠢ ᠦᠷᠨᠢᠭᠦᠯᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
 
             蒙ICP备05000248号