ᠨᠢᠭᠡ᠎ᠳᠤ᠂ ᠬᠦᠴᠦᠨ ᠵᠶ᠋ᠠᠨ ᠨᠢᠭᠳᠠᠷᠠᠭᠤᠯᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ 《ᠨᠢᠭᠡ ᠦᠷᠳᠡᠭᠡᠯᠢᠭ ᠮᠠᠶᠢᠭ》᠎ᠤᠨ ᠦᠢ᠍ᠯᠡᠴᠢᠯᠡᠭᠡᠨ᠎ᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠠᠮᠢ ᠠᠬᠤᠶ ᠤᠷᠴᠢᠨ ᠲᠣᠭᠣᠷᠢᠨ᠎ᠤ ᠲᠤᠪᠴᠢᠶᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠦᠴᠢᠷ ᠬᠣᠲᠠ ᠵᠢᠨ ᠠᠷᠠᠳ᠎ᠤᠨ ᠦᠢ᠍ᠯᠡᠴᠢᠯᠡᠭᠡᠨ᠎ᠤ ᠲᠥᠪ᠎ᠲᠤ ᠪᠠᠢ᠌ᠩᠭᠤ ᠵᠢᠨ ᠴᠢᠨᠠᠷᠳᠠᠢ ᠠᠵᠢᠯ ᠶᠠᠪᠤᠳᠠᠯ ᠭᠦᠢ᠍ᠴᠡᠳᠭᠡᠬᠦ ᠴᠡᠭ ᠲᠤᠬᠢᠷᠠᠭᠤᠯᠬᠤ ᠵᠢ ᠠᠬᠢᠭᠤᠯᠵᠤ᠂ ᠬᠣᠯᠪᠣᠭᠳᠠᠯ ᠪᠥᠬᠥᠶ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠵᠦᠢ᠍ᠯᠡᠰ᠎ᠤᠨ ᠲᠤᠬᠠᠶ᠋ᠢᠯᠠᠭᠰᠠᠨ ᠠᠵᠢᠯ᠎ᠢ ᠲᠥᠪᠯᠡᠷᠡᠭᠦᠯᠦᠨ ᠡᠷᠬᠢᠯᠡᠨ ᠭᠦᠢ᠍ᠴᠡᠳᠭᠡᠵᠦ᠂ ᠭᠠᠷ ᠭᠦᠢ᠍ᠴᠡᠳᠭᠡᠯ᠎ᠨᠢ ᠲᠤᠳᠠᠮᠠᠭ ᠪᠠᠢ᠌ᠬᠤ ᠵᠢ ᠪᠠᠭᠳᠠᠭ᠋ᠠᠨ ᠭᠦᠢ᠍ᠴᠡᠳᠭᠡᠯᠭᠡᠬᠦ᠂ ᠬᠤᠯᠪᠤᠭᠳᠠᠯ ᠪᠦᠬᠦᠢ ᠵᠦᠢ᠍ᠯᠡᠰ᠎ᠢ ᠨᠢᠭᠡ ᠤᠳᠠᠭ᠋ᠠᠨ᠎ᠤ ᠲᠤᠵᠢ ᠮᠡᠳᠡᠭᠳᠡᠬᠦ ᠵᠡᠷᠭᠡ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠪᠦᠷᠢᠨᠰᠢᠭᠦᠯᠵᠦ᠂ ᠲᠤᠰᠬᠠᠶ ᠮᠡᠷᠭᠡᠵᠢᠯᠲᠡᠨ᠎ᠤ ᠵᠠᠬᠢᠳᠠᠯ ᠵᠶ᠋ᠠᠷ ᠬᠢᠨᠠᠬᠤ᠂ ᠰᠦᠯᠵᠢᠶᠡᠨ᠎ᠤ ᠸᠢᠳᠢᠤ᠋᠎ᠪᠠᠷ ᠬᠠᠮᠲᠤᠷᠠᠨ ᠬᠢᠨᠠᠬᠤ ᠵᠡᠷᠭᠡ 《ᠡᠭᠦᠯᠡᠨ ᠰᠢᠯᠭ᠋ᠠᠷᠠᠭᠤᠯᠤᠯᠲᠠ》 ᠵᠢᠨ ᠵᠠᠭᠪᠤᠷ᠎ᠢ ᠢᠳᠡᠪᠬᠢᠲᠡᠶ ᠬᠡᠷᠡᠭᠯᠡᠨ᠂ ᠠᠵᠤ ᠠᠬᠤᠶ᠋ᠢᠯᠠᠯ᠎ᠤᠨ ᠣᠯᠠᠨ ᠤᠳᠠᠭ᠋ᠠᠨ᠎ᠤ ᠲᠤᠷᠰᠢ 《ᠠᠵᠢᠯ ᠶᠠᠪᠤᠳᠠᠯ ᠭᠦᠢ᠍ᠴᠡᠳᠭᠡᠬᠦ ᠭᠡᠵᠦ ᠮᠤᠩᠭᠢᠨᠠᠬᠤ》᠎ᠠᠴᠠ ᠵᠠᠶ᠋ᠢᠯᠠᠰᠬᠢᠵᠦ᠂ ᠲᠥᠷᠥᠯ ᠵᠦᠢ᠍ᠯ᠎ᠤᠨ ᠰᠢᠯᠭ᠋ᠠᠷᠠᠭᠤᠯᠤᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠳᠡ ᠵᠢᠨ ᠰᠢᠯᠭ᠋ᠠᠷᠠᠭᠤᠯᠬᠤ ᠵᠢᠨ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ 50%᠎ᠠᠴᠠ ᠢᠯᠡᠭᠦᠤ᠎ᠪᠠᠷ ᠪᠤᠭᠤᠨᠢᠰᠬᠠᠨ᠎ᠠ᠃
ᠬᠣᠶᠠᠷ᠎ᠲᠤ᠂ ᠬᠦᠴᠦᠨ ᠵᠶ᠋ᠠᠨ ᠨᠢᠭᠳᠠᠷᠠᠭᠤᠯᠤᠨ ᠵᠠᠰᠠᠭ᠎ᠢ ᠴᠣᠮᠬᠠᠳᠬᠠᠨ ᠠᠵᠤ ᠠᠬᠤᠶ᠋ᠢᠯᠠᠯ᠎ᠳᠤ ᠠᠰᠢᠭ ᠬᠦᠷᠲᠡᠭᠡᠨ᠎ᠡ᠃ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠳᠥᠭᠥᠮᠴᠢᠯᠡᠵᠦ᠂ ᠠᠵᠤ ᠠᠬᠤᠶ᠋ᠢᠯᠠᠯ᠎ᠤᠨ ᠤᠴᠢᠷ ᠶᠠᠪᠤᠳᠠᠯ ᠭᠦᠢ᠍ᠴᠡᠳᠭᠡᠬᠦ᠎ᠳᠤ ᠳᠥᠭᠥᠮ ᠦᠵᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠬᠦᠷᠢᠶᠡᠯᠡᠩ᠎ᠳᠤ ᠰᠢᠨ᠎ᠡ᠎ᠪᠠᠷ ᠤᠷᠤᠭᠤᠯᠬᠤ ᠲᠥᠷᠥᠯ ᠵᠦᠢ᠍ᠯ᠎ᠨᠢ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ (ᠪᠠᠶ᠋ᠢᠭ᠋ᠠᠯᠢ ᠵᠢᠨ ᠣᠷᠴᠢᠨ ᠲᠣᠭᠣᠷᠢᠨ᠎ᠤ ᠣᠳᠣᠬᠢ ᠪᠠᠶ᠋ᠢᠳᠠᠯ᠎ᠤᠨ ᠪᠠᠶ᠋ᠢᠴᠠᠭ᠋ᠠᠯᠲᠠ ᠬᠢᠭᠡᠳ ᠦᠨᠡᠯᠡᠯᠲᠡ᠂ ᠣᠷᠣᠨ ᠪᠦᠰᠡ ᠵᠢᠨ ᠪᠣᠬᠢᠷᠲᠤᠯ᠎ᠤᠨ ᠡᠬᠢ ᠡᠭᠦᠰᠦᠯ᠎ᠤᠨ ᠪᠠᠶ᠋ᠢᠴᠠᠭ᠋ᠠᠯᠲᠠ ᠵᠢᠴᠢ ᠨᠢᠭᠡᠨᠲᠡ ᠬᠦᠷᠢᠶᠡᠯᠡᠩ ᠲᠤᠭᠤᠷᠢᠭ᠎ᠲᠤ ᠢᠷᠡᠵᠦ ᠰᠠᠭᠤᠭᠰᠠᠨ ᠠᠵᠤ ᠠᠬᠤᠶ᠋ᠢᠯᠠᠯ᠎ᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠪᠠᠶ᠋ᠢᠳᠠᠯ ᠪᠠ ᠡᠯ᠎ᠡ ᠣᠷᠴᠢᠨ ᠲᠣᠭᠣᠷᠢᠨ᠎ᠤ ᠬᠦᠴᠦᠨ ᠵᠦᠢ᠍ᠯ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠴᠢ ᠲᠣᠭ᠎ᠠ ᠪᠠᠷᠢᠮᠲᠠ ᠵᠢᠨ ᠪᠠᠷᠢᠮᠵᠢᠶ᠎ᠠ᠎ᠳᠤ ᠬᠦᠷᠦᠭᠦᠯᠦᠭᠰᠡᠨ ᠵᠠᠳᠠᠯᠤᠯᠲᠠ᠎ᠨᠢ ᠬᠦᠴᠦᠨ᠎ᠲᠠᠢ ᠬᠤᠭᠤᠴᠠᠭ᠋ᠠᠨ᠎ᠳᠤ᠎ᠪᠠᠨ ᠪᠠᠶ᠋ᠢᠬᠤ) ᠪᠠᠶ᠋ᠢᠪᠠᠯ᠂ ᠬᠦᠷᠢᠶᠡᠯᠡᠩ ᠲᠣᠭᠣᠷᠢᠭ᠎ᠤᠨ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ᠎ᠬᠢ ᠬᠠᠮᠢᠶ᠎ᠠ ᠪᠥᠬᠥᠶ ᠠᠭᠤᠯᠭ᠎ᠠ ᠵᠢ ᠰᠢᠭᠤᠳ ᠡᠰᠢᠯᠡᠨ ᠬᠡᠷᠡᠭᠯᠡᠵᠦ᠂ ᠣᠷᠴᠢᠨ ᠲᠣᠭᠣᠷᠢᠨ᠎ᠤ ᠦᠨᠡᠯᠡᠯᠲᠡ ᠵᠢᠨ ᠬᠠᠮᠢᠶ᠎ᠠ ᠪᠥᠬᠥᠶ ᠮᠡᠳᠡᠭᠦᠯᠦᠯᠲᠡ ᠵᠢ ᠲᠠᠬᠢᠵᠤ ᠬᠠᠩᠭ᠋ᠠᠭᠰᠠᠨ᠎ᠤ ᠴᠢᠬᠤᠯᠠ ᠥᠬᠡᠶ᠃
ᠭᠤᠷᠪᠠ᠎ᠳᠤ᠂ ᠬᠦᠴᠦᠨ ᠵᠶ᠋ᠡᠨ ᠨᠢᠭᠳᠠᠷᠠᠭᠤᠯᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ᠎ᠡ᠃ ᠨᠠᠮ᠎ᠤᠨ ᠲᠥᠪ ᠬᠣᠷᠢᠶᠠᠨ᠎ᠤ ᠰᠢᠨ᠎ᠡ ᠵᠢ ᠡᠭᠦᠳᠬᠦ ᠬᠠᠮᠢᠶ᠎ᠠ ᠪᠥᠬᠥᠶ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠵᠤ᠂ ᠨᠢᠭᠡᠳᠦᠯᠲᠡᠶ ᠪᠥᠭᠡᠳ ᠵᠢᠷᠤᠮᠵᠢᠭᠰᠠᠨ᠂ ᠨᠡᠭᠡᠭᠡᠯᠲᠡ᠎ᠲᠠᠢ ᠪᠥᠭᠡᠳ ᠥᠷᠢᠰᠥᠯᠳᠦᠭᠡᠨ᠎ᠲᠠᠢ᠂ ᠡᠷᠡᠭᠦᠯ ᠪᠥᠭᠡᠳ ᠡᠮᠬᠢ ᠵᠢᠷᠤᠮ᠎ᠲᠠᠢ ᠵᠠᠭᠤᠴᠢᠯᠠᠬᠤ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠪᠣᠶ ᠪᠣᠯᠭ᠋ᠠᠬᠤ ᠵᠢ ᠲᠦᠷᠭᠡᠳᠬᠡᠨ ᠠᠬᠢᠭᠤᠯᠵᠤ᠂ ᠵᠠᠭᠤᠴᠢᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠦᠢ᠍ᠯᠡᠴᠢᠯᠡᠭᠡᠨ᠎ᠳᠤ ᠣᠷᠣᠯᠴᠠᠬᠤ᠎ᠳᠤ 《ᠨᠥᠬᠥᠴᠡᠯ ᠱᠠᠭ᠋ᠠᠷᠳᠠᠯᠭ᠎ᠠ ᠥᠬᠡᠶ᠂ ᠪᠦᠬᠦᠯᠢ ᠡᠳᠦᠷ ᠵᠶ᠋ᠠᠷ ᠵᠶ᠋ᠠᠨ》 ᠪᠠᠢ᠌ᠩᠭᠤ ᠵᠢᠨ ᠴᠢᠨᠠᠷᠳᠠᠢ᠎ᠪᠠᠷ ᠠᠵᠢᠯ ᠶᠠᠪᠤᠳᠠᠯ ᠭᠦᠢ᠍ᠴᠡᠳᠭᠡᠬᠦ᠎ᠪᠠᠷ ᠰᠠᠭᠤᠵᠤ ᠠᠵᠢᠯᠯᠠᠬᠤ ᠵᠠᠮ᠎ᠢ ᠬᠠᠩᠭ᠋ᠠᠬᠤ ᠬᠡᠷᠡᠭᠲᠡᠶ᠃ ᠣᠲᠣ ᠪᠣᠯᠲᠠᠯ᠎ᠠ᠂ ᠨᠢᠭᠡᠨᠲᠡ ᠣᠷᠴᠢᠨ ᠲᠤᠭᠤᠷᠢᠨ᠎ᠤ ᠵᠥᠪᠯᠡᠯᠭᠡ ᠥᠭᠬᠦ 5 ᠪᠠᠶ᠋ᠢᠭᠤᠯᠤᠮᠵᠢ᠎ᠨᠢ 《ᠵᠠᠭᠤᠴᠢᠯᠠᠬᠤ ᠬᠡᠲᠦ ᠳᠡᠯᠭᠡᠭᠦᠷ》᠎ᠲᠤ ᠰᠠᠭᠤᠵᠤ ᠠᠵᠢᠯᠯᠠᠬᠤ᠎ᠪᠠᠷ ᠢᠷᠡᠭᠰᠡᠨ ᠪᠠᠶ᠋ᠢᠨ᠎ᠠ᠃