ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠠᠮᠢ ᠠᠬᠤᠢ ᠣᠷᠴᠢᠨ ᠲᠣᠭᠣᠷᠢᠨ᠎ᠤ ᠶᠠᠮᠤᠨ 2022 ᠣᠨ᠎ᠤ ᠠᠩᠬᠠᠳᠤᠭ᠋ᠠᠷ ᠤᠳᠠᠭ᠋ᠠᠨ᠎ᠤ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠦᠷᠦᠯ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠤ ᠮᠠᠨ᠎ᠤ ᠣᠷᠣᠨ᠎ᠤ ᠲᠦᠷᠦᠯ ᠵᠦᠢ᠍ᠯ᠎ᠤᠨ ᠬᠥᠮᠥᠷᠭᠡ᠎ᠳᠤ ᠣᠷᠣᠭᠤᠯᠤᠭᠰᠠᠨ ᠨᠤᠷᠮ᠎ᠠ ᠵᠢ ᠠᠩᠬ᠎ᠠ ᠤᠳᠠᠭ᠎ᠠ ᠮᠠᠭᠲᠠᠨ ᠰᠠᠶ᠋ᠢᠰᠢᠶᠠᠪᠠ
ᠨᠡᠶ᠋ᠢᠲᠡᠯᠡᠭᠰᠡᠨ ᠴᠠᠭ᠄ 2022-03-21

      ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠵᠤᠷᠭ᠋ᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠨᠢ ᠪᠥᠬᠥ ᠤᠯᠤᠰ᠎ᠤᠨ 2022 ᠣᠨ᠎ᠤ ᠠᠩᠬᠠᠳᠤᠭ᠋ᠠᠷ ᠤᠳᠠᠭ᠋ᠠᠨ᠎ᠤ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠷᠥᠯ ᠵᠦᠢ᠍ᠯ᠎ᠢ ᠬᠥᠮᠥᠷᠭᠡ᠎ᠳᠤ ᠣᠷᠣᠭᠤᠯᠬᠤ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠢᠴᠢ ᠡᠯ᠎ᠡ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠤᠪᠴᠢᠶᠠᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠲᠤᠰ ᠬᠤᠷᠠᠯ᠎ᠳᠤ ᠣᠷᠣᠯᠴᠠᠵᠠᠶ᠃
      ᠬᠤᠷᠠᠯ ᠲᠡᠭᠡᠷ᠎ᠡ᠂ ᠤᠰᠤᠨ᠎ᠤ ᠬᠠᠮᠢᠶᠠᠷᠤᠯᠲᠠ ᠵᠢᠨ ᠵᠤᠷᠭ᠋ᠠᠨ᠎ᠤ ᠬᠠᠮᠢᠶ᠎ᠠ ᠪᠥᠬᠥᠶ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ᠎ᠠᠴᠠ ᠲᠣᠰ ᠤᠳᠠᠭ᠋ᠠᠨ᠎ᠤ ᠬᠥᠮᠥᠷᠭᠡ᠎ᠳᠤ ᠣᠷᠣᠭᠤᠯᠬᠤ ᠵᠢ ᠬᠢᠨᠠᠨ ᠬᠠᠷᠭᠤᠭᠤᠯᠤᠭᠰᠠᠨ ᠶᠡᠷᠦᠩᠬᠡᠶ ᠪᠠᠶ᠋ᠢᠳᠠᠯ᠂ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠶᠠᠪᠤᠴᠠ ᠵᠢᠴᠢ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠵᠠᠷᠯᠠᠨ ᠮᠡᠳᠡᠭᠳᠡᠵᠦ᠂ ᠬᠥᠮᠥᠷᠭᠡ᠎ᠳᠤ ᠣᠷᠣᠭᠤᠯᠤᠭᠰᠠᠨ ᠨᠣᠷᠮ᠎ᠠ᠎ᠨᠢ 90% ᠵᠢ ᠳᠠᠪᠠᠭᠰᠠᠨ 5 ᠮᠤᠵᠢ ᠵᠢ ᠰᠠᠶ᠋ᠢᠰᠢᠶᠠᠨ ᠬᠥᠬᠢᠭᠦᠯᠵᠡᠶ᠂ ᠡᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢᠭᠡᠳᠦᠭᠡᠷ᠎ᠲᠤ ᠵᠢᠭᠰᠠᠭ᠋ᠠᠭᠳᠠᠵᠤ᠂ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠭᠰᠠᠨ 19 ᠲᠥᠷᠥᠯ ᠵᠦᠢ᠍ᠯ᠎ᠢ ᠳᠡᠭᠡᠭᠰᠢ ᠮᠡᠳᠡᠭᠦᠯᠵᠦ᠂ 18 ᠲᠦᠷᠦᠯ ᠵᠦᠢ᠍ᠯ᠎ᠢ᠎ᠨᠢ ᠬᠢᠨᠠᠨ ᠬᠠᠷᠭᠤᠭᠤᠯᠤᠯᠳᠠ᠎ᠳᠤ ᠬᠢᠷᠢ ᠲᠠᠩᠴᠡᠵᠦ᠂ ᠬᠥᠮᠥᠷᠭᠡ᠎ᠳᠤ ᠣᠷᠣᠭᠤᠯᠤᠭᠰᠠᠨ ᠨᠣᠷᠮ᠎ᠠ᠎ᠨᠢ 94.7%᠎ᠳᠤ ᠬᠦᠷᠪᠡ᠃ ᠡᠭᠦᠨ᠎ᠤ ᠬᠠᠮᠲᠤ᠂ ᠬᠤᠷᠠᠯ᠎ᠠᠴᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠦᠷᠦᠯ ᠵᠦᠢ᠍ᠯ᠎ᠤᠨ ᠨᠥᠭᠡᠴᠡ ᠵᠢᠨ ᠬᠥᠮᠥᠷᠭᠡ᠎ᠳᠤ ᠣᠷᠣᠭᠤᠯᠬᠤ ᠱᠠᠭ᠋ᠠᠷᠳᠠᠯᠭ᠎ᠠ ᠵᠢᠨ ᠲᠠᠯ᠎ᠠ᠎ᠪᠠᠷ ᠪᠤᠯᠪᠠᠰᠤᠷᠠᠭᠤᠯᠤᠯ ᠬᠦᠷᠳᠡᠭᠡᠭᠰᠡᠨ᠎ᠤ ᠬᠠᠮᠲᠤ ᠡᠯ᠎ᠡ ᠮᠤᠵᠢ᠎ᠲᠠᠢ ᠵᠣᠯᠭ᠋ᠠᠭᠤᠯᠤᠨ ᠵᠢᠭ᠋ᠠᠨ ᠵᠢᠯᠣᠭᠣᠳᠪᠠ᠃
      ᠲᠣᠰ ᠤᠳᠠᠭ᠋ᠠᠨ᠎ᠤ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠬᠠᠷᠢᠭᠤ ᠲᠤᠰᠬᠠᠭᠰᠠᠨ ᠵᠢᠴᠢ ᠬᠥᠮᠥᠷᠭᠡ᠎ᠳᠤ ᠣᠷᠣᠭᠤᠯᠬᠤ ᠮᠡᠷᠭᠡᠵᠢᠯ᠎ᠤᠨ ᠪᠣᠯᠪᠠᠰᠤᠷᠠᠭᠤᠯᠤᠯ ᠵᠶ᠋ᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶ᠋ᠢᠮᠠᠭ ᠬᠣᠲᠠ ᠵᠢᠨ᠎ᠬᠢᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠷᠥᠯ ᠵᠦᠢ᠍ᠯ᠎ᠤᠨ ᠨᠥᠭᠡᠴᠡ ᠵᠢᠨ ᠬᠥᠮᠥᠷᠭᠡ᠎ᠳᠤ ᠣᠷᠣᠭᠤᠯᠬᠤ ᠱᠠᠭ᠋ᠠᠷᠳᠠᠯᠭ᠎ᠠ ᠵᠢ ᠨᠠᠩ ᠭᠦᠨᠵᠡᠭᠡᠶ ᠤᠶ᠋ᠢᠯᠠᠭ᠋ᠠᠨ ᠡᠵᠡᠮᠰᠢᠭᠰᠡᠨ ᠪᠥᠭᠡᠳ ᠪᠤᠰᠤᠳ ᠮᠤᠵᠢ ᠬᠣᠲᠠ ᠵᠢᠨ ᠰᠢᠯᠢᠳᠡᠭ ᠲᠤᠷᠰᠢᠯᠭ᠎ᠠ ᠵᠢ ᠰᠢᠩᠭᠡᠭᠡᠨ ᠠᠪᠴᠤ᠂ ᠲᠠᠷᠠᠭ᠋ᠠᠴᠢ ᠵᠢᠨ ᠠᠯᠬᠤᠮ᠎ᠳᠤ ᠲᠥᠷᠥᠯ ᠵᠦᠢ᠍ᠯ᠎ᠤᠨ ᠨᠥᠭᠡᠴᠡ ᠵᠢᠨ ᠬᠥᠮᠥᠷᠭᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠲᠥᠷᠥᠯ ᠵᠦᠢ᠍ᠯ᠎ᠤᠨ ᠪᠠᠯᠠ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠬᠤ᠎ᠳᠤ ᠪᠠᠲᠤ ᠰᠠᠭᠤᠷᠢ ᠵᠢ ᠲᠠᠯᠪᠢᠭᠰᠠᠨ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ》 (2022 ᠣᠨ᠎ᠤ 1 ᠳ᠋ᠤᠭᠡᠷ ᠬᠤᠭᠤᠴᠠᠭ᠎ᠠ) ᠵᠢ ᠨᠡᠶ᠋ᠢᠲᠡᠯᠡᠬᠦ ᠲᠤᠬᠠᠶ ᠵᠠᠷᠯᠠᠯ
ᠠᠮᠢ ᠠᠬᠤᠶ ᠣᠷᠴᠢᠨ ᠲᠤᠭᠤᠷᠢᠨ᠎ᠤ ᠤᠷᠤᠭᠤᠯᠬᠤ ᠵᠥᠪᠰᠢᠶᠡᠷᠡᠯ᠎ᠤᠨ ᠪᠣᠭᠣᠮᠲᠠ ᠵᠢ ᠴᠢᠩᠭ᠎ᠠ ᠰᠠᠬᠢᠨ ᠠᠵᠤ ᠠᠬᠤᠶ ᠵᠢᠨ ᠴᠢᠨᠠᠷ ᠰᠠᠶ᠋ᠢᠲᠠᠶ ᠬᠦᠭᠵᠢᠯᠳᠡ ᠵᠢ ᠪᠠᠳᠤᠯᠠᠶ᠎ᠠ
ᠦᠬᠠᠶ ᠬᠣᠲᠠ ᠲᠥᠪ᠎ᠤᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠌ᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠠᠵᠢᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠦᠬᠠᠶ ᠬᠣᠲᠠ ᠵᠢᠨ᠎ᠬᠢᠨ ᠵᠥᠪᠰᠢᠶᠡᠷᠡᠭᠦᠯᠬᠦ᠎ᠪᠠᠷ ᠪᠠᠶ᠋ᠢᠭ᠎ᠠ ᠲᠥᠷᠥᠯ ᠵᠦᠢ᠍ᠯ᠎ᠢ ᠴᠢᠨᠠᠷ ᠰᠠᠢ᠌ᠳᠠᠢ᠎ᠪᠠᠷ ᠠᠬᠢᠭᠤᠯᠤᠨ ᠲᠤᠢ᠌ᠯᠪᠤᠷᠢᠳᠠᠢ ᠪᠠᠢ᠌ᠴᠠᠭ᠋ᠠᠬᠤ ᠠᠵᠢᠯ᠎ᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠵᠤ ᠪᠠᠢ᠌ᠨ᠎ᠠ
ᠦᠬᠠᠶ ᠬᠣᠲᠠ 《ᠦᠬᠠᠶ ᠬᠣᠲᠠ ᠵᠢᠨ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠵᠢᠨ ᠲᠦᠷᠢᠮ》᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ
 
             蒙ICP备05000248号