《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ 《ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢᠴᠢ ᠵᠠᠰᠠᠨ ᠰᠡᠷᠭᠦᠭᠡᠬᠦ ᠠᠵᠢᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠵᠢᠯᠤᠭᠤᠳᠤᠮᠵᠢ》 ᠵᠢ ᠦᠨᠳᠦᠰᠦᠯᠡᠪᠡᠯ᠂ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠢ ᠬᠢᠨᠠᠨ ᠲᠣᠭᠲᠠᠭ᠋ᠠᠭᠰᠠᠨ ᠪᠠᠶ᠋ᠢᠳᠠᠯ᠎ᠲᠠᠢ ᠤᠶᠠᠯᠳᠤᠭᠤᠯᠤᠨ᠂ ᠡᠳᠦᠭᠡ 2021 ᠣᠨ᠎ᠤ ᠡᠴᠦᠰ ᠪᠣᠯᠲᠠᠯᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ》 ᠵᠢ ᠨᠡᠶ᠋ᠢᠲᠡᠯᠡᠨ᠎ᠡ (ᠬᠡᠰᠡᠭ ᠭᠠᠵᠠᠷ᠎ᠢ ᠰᠢᠯᠵᠢᠭᠦᠯᠵᠦ ᠭᠠᠷᠭ᠋ᠠᠬᠤ ᠨᠡᠷᠡᠰ᠎ᠤᠨ ᠵᠢᠭᠰᠠᠭ᠋ᠠᠯᠲᠠ ᠪᠠᠶ᠋ᠢᠬᠤ ᠥᠬᠡᠶ ᠤᠴᠢᠷ᠎ᠠᠴᠠ ᠰᠢᠯᠵᠢᠭᠦᠯᠵᠦ ᠭᠠᠷᠭ᠋ᠠᠬᠤ ᠨᠠᠷᠢᠨ ᠲᠠᠩᠰᠠ ᠪᠠᠶ᠋ᠢᠬᠤ ᠥᠬᠡᠶ)᠃ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠭᠠᠵᠠᠷ᠎ᠢ ᠣᠷᠣᠨ ᠰᠠᠭᠤᠴᠠ᠂ ᠣᠯᠠᠨ ᠨᠡᠶ᠋ᠢᠲᠡ ᠵᠢᠨ ᠬᠠᠮᠢᠶᠠᠷᠤᠯᠲᠠ ᠬᠢᠭᠡᠳ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ ᠪᠣᠯᠭ᠋ᠠᠵᠤ ᠪᠣᠯᠬᠤ ᠥᠬᠡᠶ᠃ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ ᠲᠣᠭᠲᠠᠭ᠋ᠠᠭᠰᠠᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦ ᠬᠠᠷᠠᠯᠲᠠ᠎ᠳᠤ ᠥᠯᠥ ᠬᠦᠷᠦᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦᠯᠦᠭᠡ ᠬᠠᠮᠢᠶ᠎ᠠ ᠥᠬᠡᠶ ᠶᠠᠮᠠᠷᠪᠠ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠬᠤ ᠵᠢ ᠴᠠᠭ᠋ᠠᠵᠠᠯᠠᠨ᠎ᠠ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2022 ᠣᠨ᠎ᠤ 1 ᠳ᠋ᠤᠭᠡᠷ ᠬᠤᠭᠤᠴᠠᠭ᠎ᠠ) (ᠲᠤᠪᠴᠢᠯᠠᠪᠠ)