ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠪᠥᠬᠥ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2022-12-08

     2022 ᠣᠨ᠎ᠤ 10 ᠳ᠋ᠤᠭ᠋ᠠᠷ ᠰᠠᠷ᠎ᠠ᠎ᠳᠤ᠂ ᠰᠢᠨ᠎ᠡ ᠨᠢᠭᠡ ᠡᠭᠡᠯᠵᠢ ᠵᠢᠨ ᠰᠢᠨ᠎ᠡ ᠲᠢᠳᠢᠮᠯᠢᠭ ᠬᠢᠵᠢᠭ᠎ᠤᠨ ᠪᠠᠶ᠋ᠢᠳᠠᠯ ᠥᠪᠥᠷ ᠮᠣᠩᠭᠣᠯ ᠤᠷᠤᠨ᠎ᠳᠤ ᠲᠠᠷᠬᠠᠵᠤ᠂ ᠭᠡᠨᠡᠳᠲᠡ ᠡᠭᠦᠰᠦᠭᠰᠡᠨ ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠡᠩᠨᠡᠭᠡᠨ᠎ᠤ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠢᠳᠡᠪᠬᠢᠲᠡᠢ ᠤᠷᠤᠯᠴᠠᠭᠰᠠᠨ᠎ᠤ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠳᠡ ᠵᠢᠨ ᠠᠷᠭ᠎ᠠ ᠬᠡᠯᠪᠡᠷᠢ᠎ᠳᠤ ᠰᠢᠨ᠎ᠡ ᠵᠢ ᠲᠠᠰᠤᠷᠠᠯᠲᠠ ᠦᠭᠡᠢ ᠡᠭᠦᠳᠴᠡᠢ᠃ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠵᠤ᠂ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠨᠡᠩ ᠰᠠᠶ᠋ᠢᠲᠤᠷ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠢ ᠠᠩᠬᠢ᠎ᠤᠨ᠎ᠬᠢᠨ ᠨᠢᠭᠡ ᠲᠠᠯ᠎ᠠ᠎ᠪᠠᠷ᠂ ᠠᠮᠢ ᠠᠬᠤᠢ ᠣᠷᠴᠢᠨ ᠲᠣᠭᠣᠷᠢᠨ᠎ᠤ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲᠸᠮ᠎ᠤᠨ ᠴᠢᠳᠠᠪᠬᠢ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠰᠦᠪᠡᠭᠴᠢ ᠵᠢ ᠬᠦᠷᠭᠡᠬᠦ᠂ ᠵᠢᠯᠣᠭᠣᠳᠤᠨ ᠲᠤᠬᠢᠷᠠᠭᠤᠯᠬᠤ᠂ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ᠂ ᠬᠡᠷᠡᠭ᠎ᠢ ᠰᠢᠢ᠍ᠳᠪᠦᠷᠢᠯᠡᠬᠦ᠂ ᠮᠥᠷᠳᠡᠨ ᠪᠠᠶ᠋ᠢᠴᠠᠭ᠋ᠠᠵᠤ ᠬᠢᠨᠠᠨ ᠰᠢᠯᠭ᠋ᠠᠬᠤ ᠵᠢ ᠨᠢᠭᠡ ᠴᠤᠭᠴᠠᠵᠢᠭᠤᠯᠬᠤ ᠵᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠭᠰᠠᠨ ᠪᠠ ᠮᠡᠳᠡᠭᠡ ᠵᠠᠩᠬᠢᠴᠢᠯᠠᠭᠰᠠᠨ ᠬᠢᠷᠢ ᠲᠦᠪᠰᠢᠨ᠎ᠢ ᠲᠡᠭᠡᠭᠰᠢᠯᠡᠭᠦᠯᠦᠭᠰᠡᠨ ᠪᠠᠢ᠌ᠨ᠎ᠠ᠃ ᠨᠥᠭᠥᠭᠡ ᠲᠠᠯ᠎ᠠ᠎ᠪᠠᠷ᠂ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ ᠪᠣᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠂ ᠠᠬᠤᠢ ᠲᠠᠯᠠᠪᠠᠢ ᠵᠢᠨ ᠪᠤᠰᠤ ᠬᠢᠨᠠᠯᠳᠠ ᠬᠠᠮᠢᠶᠠᠷᠤᠯᠲᠠ᠂ ᠦᠪᠡᠰᠦᠪᠡᠨ ᠬᠢᠨᠠᠨ ᠬᠡᠮᠵᠢᠬᠦ ᠵᠡᠷᠭᠡ ᠰᠢᠰᠲ᠋ᠧᠮ᠎ᠤᠨ ᠲᠤᠬᠠᠶ᠋ᠢᠯᠠᠭᠰᠠᠨ ᠠᠵᠢᠯ᠎ᠤᠨ ᠬᠣᠭᠣᠷᠣᠨᠳᠣᠬᠢ ᠬᠣᠯᠪᠣᠯᠳᠤᠨ ᠨᠡᠪᠲᠡᠷᠡᠯᠴᠡᠬᠦ ᠵᠢ ᠢᠳᠡᠪᠬᠢᠲᠡᠶ ᠠᠬᠢᠭᠤᠯᠵᠤ᠂ ᠲᠣᠭ᠎ᠠ ᠪᠠᠷᠢᠮᠲᠠ ᠵᠢ ᠬᠠᠮᠳᠤ᠎ᠪᠠᠷ ᠡᠳ᠋ᠯᠡᠬᠦ ᠵᠢ ᠪᠡᠶᠡᠯᠡᠭᠦᠯᠵᠦ᠂ ᠲᠠᠷᠠᠬᠠᠶ ᠪᠤᠲᠠᠷᠬᠠᠶ ᠬᠡᠯᠪᠡᠷᠢ ᠵᠢᠨ ᠬᠠᠮᠢᠶᠠᠷᠤᠯᠲᠠ ᠵᠢᠨ ᠵᠠᠭᠪᠤᠷ᠎ᠢ ᠡᠪᠳᠡᠵᠦ᠂ ᠤᠯᠠᠨ ᠰᠢᠰᠲ᠋ᠧᠮ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢ ᠵᠠᠳᠠᠯᠬᠤ᠂ ᠠᠰᠠᠭᠤᠳᠠᠯ᠎ᠢ ᠡᠷᠢᠬᠦ᠎ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠭᠦᠷᠭᠡ ᠵᠢ ᠪᠦᠷᠢᠯᠳᠦᠭᠦᠯᠵᠦ᠂ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠦᠵᠦᠭᠦᠷ᠎ᠤᠨ ᠰᠢᠰᠲ᠋ᠧᠮ᠎ᠢ ᠭᠦᠢ᠍ᠴᠡᠳ ᠠᠰᠢᠭᠯᠠᠨ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠦᠭᠰᠡᠨ ᠲᠡᠮᠳᠡᠭᠯᠡᠯ᠎ᠢ ᠦᠢ᠍ᠯᠡᠳᠴᠦ᠂ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠤᠨ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠭᠲᠠᠭ᠋ᠠᠵᠤ᠂ ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠦᠳᠲᠡᠷ ᠲᠦᠷᠭᠡᠨ ᠬᠠᠮᠲᠤ᠎ᠪᠠᠷ ᠡᠳ᠋ᠯᠡᠬᠦ᠂ ᠳᠠᠮᠵᠢᠭᠤᠯᠬᠤ᠂ ᠬᠠᠮᠢᠶᠠᠷᠬᠤ ᠵᠢ ᠪᠡᠶᠡᠯᠡᠭᠦᠯᠵᠦ᠂ ᠬᠡᠷᠡᠭ᠎ᠤᠨ ᠳᠤᠮᠳᠠᠬᠢ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠨᠠᠷᠢᠯᠢᠭ ᠣᠨᠣᠴᠠᠲᠠᠶ ᠪᠣᠯᠭ᠋ᠠᠬᠤ᠂ ᠤᠶᠤᠨᠴᠢᠯᠠᠭᠰᠠᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠦᠯᠳᠡ ᠵᠢᠨ ᠠᠵᠢᠯᠲᠠᠨ᠎ᠤ ᠠᠬᠤᠢ ᠲᠠᠯᠠᠪᠠᠢ᠎ᠳᠤ᠎ᠨᠢ ᠬᠡᠷᠡᠭ ᠰᠢᠢ᠍ᠳᠪᠦᠷᠢᠯᠡᠬᠦ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠪᠡ᠃ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠡᠯ᠎ᠡ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ᠎ᠨᠢ ᠨᠡᠭᠦᠳᠡᠯ ᠮᠠᠶᠢᠭ᠎ᠤᠨ ᠬᠠᠤᠯᠢ ᠬᠡᠷᠡᠭᠵᠢᠭᠦᠯᠬᠦ ᠰᠢᠰᠲ᠋ᠧᠮ᠎ᠢ ᠬᠡᠷᠡᠭᠯᠡᠨ ᠬᠠᠤᠯᠢ ᠬᠡᠷᠡᠭᠵᠢᠭᠦᠯᠦᠭᠰᠡᠨ ᠲᠣᠭ᠎ᠠ ᠪᠠᠷᠢᠮᠲᠠ ᠵᠢ 38849 ᠵᠤᠷᠪᠤᠰ ᠳᠡᠭᠡᠭᠰᠢ ᠮᠡᠳᠡᠭᠦᠯᠵᠦ᠂ ᠢᠯᠡᠷᠡᠭᠦᠯᠦᠭᠰᠡᠨ ᠠᠰᠠᠭᠤᠳᠠᠯ᠎ᠤᠨ ᠲᠣᠭ᠎ᠠ᠎ᠨᠢ 1070 ᠬᠤᠪᠢ᠎ᠳᠤ ᠬᠦᠷᠴᠤ᠂ ᠬᠥᠮᠦᠨ ᠳᠤᠮᠳᠠᠴᠢ ᠵᠢᠨ ᠰᠠᠷ᠎ᠠ ᠵᠢᠨ ᠳᠡᠭᠡᠭᠰᠢ ᠮᠡᠳᠡᠭᠦᠯᠦᠭᠰᠡᠨ ᠲᠣᠭ᠎ᠠ᠎ᠨᠢ 5.36 ᠵᠤᠷᠪᠤᠰ ᠪᠠᠶ᠋ᠢᠵᠤ᠂ ᠬᠠᠤᠯᠢ ᠬᠡᠷᠡᠭᠵᠢᠭᠦᠯᠦᠯᠳᠡ ᠵᠢᠨ ᠠᠵᠢᠯᠲᠠᠨ᠎ᠤ ᠢᠳᠡᠪᠬᠢᠵᠢᠯ᠎ᠤᠨ ᠨᠣᠷᠮ᠎ᠠ 99.59% ᠪᠠᠶ᠋ᠢᠵᠤ᠂ ᠳᠡᠭᠡᠭᠰᠢ ᠮᠡᠳᠡᠭᠦᠯᠦᠭᠰᠡᠨ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠪᠠᠶ᠋ᠢᠭᠤᠯᠤᠮᠵᠢ ᠵᠢᠨ ᠡᠵᠡᠯᠡᠬᠦ ᠬᠠᠷᠢᠴᠠᠯ᠎ᠨᠢ 100% ᠪᠠᠶ᠋ᠢᠵᠤ᠂ ᠡᠯ᠎ᠡ ᠵᠦᠢ᠍ᠯ ᠵᠤᠷᠪᠤᠰ᠎ᠨᠢ ᠴᠥᠮ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠳᠡ ᠵᠢᠨ ᠲᠠᠪᠴᠠᠩ᠎ᠤᠨ ᠰᠢᠯᠭ᠋ᠠᠨ ᠬᠢᠨᠠᠬᠤ ᠱᠠᠭ᠋ᠠᠷᠳᠠᠯᠭ᠎ᠠ᠎ᠳᠤ ᠭᠦᠷᠦᠭᠰᠡᠨ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠳᠡ ᠵᠢᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠵᠤ ᠪᠠᠢ᠌ᠴᠠᠭ᠋ᠠᠨ ᠴᠡᠭᠴᠡᠯᠡᠨ ᠵᠠᠰᠠᠭᠰᠠᠨ ᠠᠵᠢᠯ᠎ᠤᠨ ᠦᠷ᠎ᠡ ᠪᠦᠳᠦᠮᠵᠢ ᠵᠢᠨ ᠪᠠᠢ᠌ᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠠᠵᠢᠯ᠎ᠢ ᠦᠷᠨᠢᠭᠦᠯᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
【ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ 】 ᠵᠢᠨ〈ᠬᠤᠭ ᠨᠤᠪᠰᠢ〉ᠵᠢ ᠠᠷᠢᠯᠭ᠋ᠠᠬᠤ ᠠᠵᠢᠯᠯᠠᠭ᠎ᠠ ᠵᠢ ᠰᠠᠶ᠋ᠢᠲᠤᠷ ᠬᠢᠵᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ
 
             蒙ICP备05000248号