ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠵᠤ ᠪᠠᠢ᠌ᠴᠠᠭ᠋ᠠᠨ ᠴᠡᠭᠴᠡᠯᠡᠨ ᠵᠠᠰᠠᠭᠰᠠᠨ ᠠᠵᠢᠯ᠎ᠤᠨ ᠦᠷ᠎ᠡ ᠪᠦᠳᠦᠮᠵᠢ ᠵᠢᠨ ᠪᠠᠢ᠌ᠳᠠᠯ
ᠨᠡᠶ᠋ᠢᠲᠡᠯᠡᠭᠰᠡᠨ ᠴᠠᠭ᠄ 2022-12-07

     2021 ᠣᠨ᠎ᠳᠤ᠂ ᠠᠮᠢ ᠠᠬᠤᠶ ᠣᠷᠴᠢᠨ ᠲᠤᠭᠤᠷᠢᠨ᠎ᠤ ᠶᠠᠮᠤᠨ ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠠᠢ᠌ᠷᠢᠯᠠᠭᠤᠯᠬᠤ ᠵᠢ ᠥᠷᠨᠢᠭᠦᠯᠵᠦ᠂ ᠰᠢᠮᠳᠠᠭᠤᠯᠤᠨ ᠰᠢᠢ᠍ᠳᠪᠦᠷᠢᠯᠡᠭᠦᠯᠬᠦ ᠵᠠᠬᠢᠳᠠᠯ ᠪᠠ 《ᠬᠠᠶᠠᠭᠳᠠᠮᠠᠯ ᠪᠣᠳᠠᠰ᠎ᠢ ᠠᠷᠢᠯᠭ᠋ᠠᠬᠤ APP》 ᠵᠢᠨ ᠵᠥᠭᠡᠯᠡᠨ ᠲᠣᠨᠣᠭ᠎ᠢ ᠬᠦᠷᠭᠡᠬᠦ ᠬᠡᠯᠪᠡᠷᠢ᠎ᠪᠠᠷ᠂ ᠬᠣᠶᠠᠷ ᠪᠦᠯᠦᠭ ᠤᠳᠠᠭ᠎ᠠ ᠬᠤᠪᠢᠶᠠᠨ ᠤᠷᠢᠳ ᠬᠣᠵᠢᠳ ᠮᠠᠨ᠎ᠤ ᠣᠷᠣᠨ᠎ᠤ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠶ ᠬᠣᠲᠠ᠂ ᠠᠯᠠᠱ᠌ᠠ ᠠᠶ᠋ᠢᠮᠠᠭ ᠵᠡᠷᠭᠡ ᠬᠣᠯᠪᠣᠭᠳᠠᠯ ᠪᠥᠬᠥᠶ 7 ᠠᠶ᠋ᠢᠮᠠᠭ ᠬᠣᠲᠠ ᠵᠢᠨ ᠠᠰᠠᠭᠤᠳᠠᠯ᠎ᠤᠨ ᠴᠡᠭ᠎ᠢ ᠲᠤᠰᠢᠶᠠᠨ ᠰᠢᠢ᠍ᠳᠪᠦᠷᠢᠯᠡᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠡᠷᠡ ᠳᠠᠷᠤᠢ᠎ᠳᠤ᠎ᠨᠢ ᠬᠣᠯᠪᠣᠭᠳᠠᠯ ᠪᠦᠬᠦᠢ ᠠᠶ᠋ᠢᠮᠠᠭ ᠬᠤᠳᠠ ᠵᠢ ᠵᠣᠬᠢᠶᠠᠨ ᠪᠠᠶ᠋ᠢᠭᠤᠯᠤᠨ ᠬᠢᠨᠠᠨ ᠬᠠᠷᠭᠤᠭᠤᠯᠵᠤ᠂ ᠬᠣᠯᠪᠣᠭᠳᠠᠭᠰᠠᠨ ᠲᠠᠯᠠᠪᠠᠢ᠎ᠨᠢ ᠪᠠᠷᠤᠭ 16600 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠴᠡᠢ᠃ 2022 ᠣᠨ᠎ᠤ ᠵᠢᠯ᠎ᠤᠨ ᠡᠬᠢᠨ᠎ᠳᠤ᠂ ᠳᠡᠭᠡᠷ᠎ᠡ ᠳᠤᠷᠠᠳᠤᠭᠰᠠᠨ ᠠᠰᠠᠭᠤᠳᠠᠯ᠎ᠤᠨ ᠣᠷᠣᠨ ᠪᠠᠶ᠋ᠢᠷᠢ ᠵᠢ ᠨᠢᠭᠡᠨᠲᠡ ᠪᠦᠬᠦᠨ᠎ᠢ ᠢᠯᠭ᠋ᠠᠷᠠᠭᠤᠯᠤᠨ ᠴᠡᠭᠴᠡᠯᠡᠵᠦ ᠳᠠᠭᠤᠰᠬᠠᠪᠠ᠃ ᠲᠤᠰ ᠤᠳᠠᠭ᠋ᠠᠨ᠎ᠤ 《ᠬᠠᠲᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ》᠎ᠤ ᠴᠠᠭ᠎ᠨᠢ ᠪᠠᠴᠢᠮ᠂ ᠡᠭᠦᠷᠭᠡ᠎ᠨᠢ ᠬᠦᠨᠳᠦ᠂ ᠱᠠᠭ᠋ᠠᠷᠳᠠᠯᠭ᠎ᠠ᠎ᠨᠢ ᠥᠨᠳᠥᠷ ᠪᠤᠯᠬᠤᠷ ᠮᠠᠨ᠎ᠤ ᠣᠷᠣᠨ᠎ᠤ 《ᠬᠠᠲᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠎ᠠ》 ᠵᠢ ᠴᠠᠭ ᠲᠤᠬᠠᠶ᠎ᠳᠤ᠎ᠨᠢ ᠴᠢᠨᠠᠷ ᠰᠠᠶ᠋ᠢᠲᠠᠶ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠯ᠎ᠡ ᠭᠠᠵᠠᠷ᠎ᠤᠨ᠎ᠬᠢᠨ᠎ᠢ ᠤᠯᠤᠰ ᠲᠦᠷᠦ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ᠎ᠤᠨ ᠲᠥᠯᠥᠭᠡ ᠪᠤᠳᠠᠳᠤ ᠶᠠᠪᠤᠳᠠᠯ ᠬᠢᠬᠦ ᠡᠭᠦᠳᠡᠨ᠎ᠠᠴᠠ ᠡᠭᠦᠰᠴᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠬᠠᠳᠤᠨ ᠭᠣᠣᠯ᠎ᠤᠨ ᠰᠠᠪᠠ ᠭᠠᠵᠠᠷ ᠲᠠᠭ᠋ᠠᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠨ ᠪᠠᠶ᠋ᠢᠴᠠᠭ᠋ᠠᠬᠤ ᠲᠤᠰᠬᠠᠢ᠌ᠯᠠᠨ ᠵᠠᠰᠠᠬᠤ ᠠᠵᠢᠯ᠎ᠤᠨ ᠪᠣᠳᠠᠲᠠᠢ ᠦᠷ᠎ᠡ ᠪᠦᠲᠦᠮᠵᠢ ᠤᠯᠬᠤ ᠵᠢ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃

      ᠳᠠᠢ᠍ᠢ᠍ᠴᠢᠯᠠᠯᠳᠠ ᠪᠠᠶ᠋ᠢᠷᠢᠯᠠᠭᠤᠯᠤᠯᠲᠠ ᠬᠢᠬᠦ᠎ᠳᠤ᠎ᠪᠠᠨ 《ᠬᠤᠷᠳᠤᠴᠠ》᠎ᠲᠠᠢ ᠪᠠᠢ᠌ᠬᠤ ᠬᠡᠷᠡᠭᠳᠡᠢ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ 《ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠣᠷᠴᠢᠨ ᠠᠯᠪᠠᠨ ᠬᠠᠤᠯᠢ ᠵᠠᠬᠢᠳᠠᠯ [2021] 234 ᠳ᠋ᠤᠭᠡᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠬᠢᠨᠠᠮᠠᠭ᠋ᠠᠶ ᠪᠠᠶ᠋ᠢᠷᠢᠯᠠᠭᠤᠯᠵᠤ᠂ 《ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠣᠳᠠᠰ᠎ᠢ ᠠᠷᠢᠯᠭ᠋ᠠᠬᠤ ᠵᠢ ᠲᠤᠰᠬᠠᠢ᠌ᠯᠠᠨ ᠵᠠᠰᠠᠬᠤ ᠠᠯᠪᠠᠨ ᠬᠡᠷ》᠎ᠢ ᠦᠳᠲᠡᠷ ᠲᠦᠷᠭᠡᠨ ᠪᠠᠶ᠋ᠢᠭᠤᠯᠵᠤ᠂ ᠬᠠᠤᠯᠢ ᠬᠡᠷᠡᠭᠵᠢᠭᠦᠯᠦᠯᠳᠡ ᠵᠢᠨ ᠲᠤᠬᠠᠶ᠋ᠢᠯᠠᠭᠰᠠᠨ ᠠᠵᠢᠯ᠎ᠤᠨ ᠭᠣᠤᠯᠯᠠᠭᠴᠢ ᠬᠦᠴᠦᠨ᠎ᠢ ᠲᠠᠲᠠᠵᠤ ᠲᠤᠰᠬᠠᠢ᠌ᠯᠠᠨ ᠵᠠᠰᠠᠬᠤ ᠠᠵᠢᠯ᠎ᠳᠤ ᠣᠷᠣᠯᠴᠠᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠳᠤ᠎ᠬᠢ ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠵᠢᠨ ᠬᠡᠷᠡᠭᠵᠢᠭᠦᠯᠬᠦ ᠲᠥᠰᠦᠯ》 (ᠥᠪᠥᠷ ᠤᠷᠴᠢᠨ ᠵᠠᠬᠢᠳᠠᠯ [2021] 153 ᠳ᠋ᠤᠭ᠋ᠠᠷ ᠲᠣᠭ᠋ᠠᠲᠤ᠂ ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠵᠢᠭᠰᠠᠭ᠋ᠠᠨ ᠪᠠᠶ᠋ᠢᠴᠠᠭ᠋ᠠᠵᠤ ᠲᠤᠰᠢᠶᠠᠨ ᠰᠢᠢ᠍ᠳᠪᠦᠷᠢᠯᠡᠭᠦᠯᠬᠦ᠂ ᠬᠢᠨᠠᠨ ᠬᠠᠷᠭᠤᠭᠤᠯᠵᠤ ᠴᠡᠭᠴᠡᠯᠡᠨ ᠰᠠᠶ᠋ᠢᠵᠢᠷᠠᠭᠤᠯᠬᠤ᠂ ᠦᠷ᠎ᠡ ᠪᠦᠲᠦᠮᠵᠢ ᠵᠢ ᠪᠠᠲᠤᠳᠬᠠᠬᠤ᠂ ᠤᠬᠠᠭᠤᠯᠭ᠎ᠠ ᠵᠢ ᠴᠢᠩᠭ᠋ᠠᠷᠠᠭᠤᠯᠬᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠵᠡᠷᠭᠡ ᠲᠠᠯ᠎ᠠ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠪᠠ᠃

      ᠠᠵᠢᠯ ᠵᠶ᠋ᠠᠨ ᠥᠷᠨᠢᠭᠦᠯᠬᠦ᠎ᠳᠤ᠎ᠪᠠᠨ 《ᠬᠦᠴᠦᠯᠡᠴᠡ》᠎ᠲᠠᠢ ᠪᠠᠢ᠌ᠬᠤ ᠬᠡᠷᠡᠭᠳᠡᠢ᠃ ᠮᠠᠨ᠎ᠤ ᠣᠷᠣᠨ᠎ᠤ 《ᠲᠥᠰᠦᠯ》᠎ᠳᠤ ᠱᠠᠭ᠋ᠠᠷᠳᠠᠬᠤ᠎ᠳᠤ᠎ᠪᠠᠨ᠂ ᠡᠯ᠎ᠡ ᠭᠠᠵᠠᠷ᠎ᠤᠨ᠎ᠬᠢᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠠᠵᠢᠯ᠎ᠤᠨ ᠲᠤᠰᠬᠠᠶ ᠠᠩᠭᠢ ᠪᠠᠶ᠋ᠢᠭᠤᠯᠤᠨ᠂ ᠠᠮᠢ ᠠᠬᠤᠶ ᠣᠷᠴᠢᠨ ᠲᠣᠭᠣᠷᠢᠨ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠵᠢᠬᠤ ᠤᠷᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠬᠣᠲᠠ ᠵᠢᠨ ᠬᠠᠮᠢᠶᠠᠷᠤᠯᠲᠠ᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ ᠪᠠ ᠨᠢᠭᠡᠴᠢ ᠵᠢ ᠵᠣᠬᠢᠶᠠᠨ ᠪᠠᠶ᠋ᠢᠭᠤᠯᠵᠤ᠂ ᠠᠬᠤᠢ ᠲᠠᠯᠠᠪᠠᠢ᠎ᠳᠤ᠎ᠨᠢ ᠵᠢᠭᠰᠠᠭ᠋ᠠᠨ ᠪᠠᠶ᠋ᠢᠴᠠᠭ᠋ᠠᠵᠤ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠵᠦ᠂ ᠴᠢᠬᠤᠯᠠ᠎ᠲᠠᠢ ᠦᠶ᠎ᠡ᠎ᠳᠤ ᠢᠯᠭ᠋ᠠᠨ ᠳᠣᠲᠣᠯᠠᠵᠤ ᠲᠥᠷᠥᠯ ᠬᠤᠪᠢᠶᠠᠬᠤ ᠬᠡᠷᠡᠭᠲᠡᠶ᠃ ᠪᠣᠳᠠᠲᠠᠶ ᠪᠠᠶ᠋ᠢᠳᠠᠯ᠎ᠢ ᠦᠨᠳᠦᠰᠦᠯᠡᠨ᠂ ᠦᠨᠡᠨ ᠬᠦ᠌ ᠶᠠᠪᠤᠭᠳᠠᠭᠤᠰᠢᠲᠠᠶ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠲᠣᠭᠲᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠭᠤᠤᠷᠰᠤ ᠳᠠᠷᠤᠬᠤ ᠮᠠᠶᠢᠭ᠎ᠤᠨ ᠬᠠᠶᠠᠭᠳᠠᠮᠠᠯ ᠪᠣᠳᠠᠰ᠎ᠢ ᠴᠡᠪᠡᠷᠯᠡᠨ ᠠᠷᠢᠯᠭ᠋ᠠᠬᠤ ᠪᠠᠶ᠋ᠢᠳᠠᠯ᠎ᠢ ᠪᠣᠶ ᠪᠣᠯᠭ᠋ᠠᠬᠤ ᠬᠡᠷᠡᠭᠲᠡᠶ᠃ ᠤᠪᠤᠭ᠋ᠠᠯᠠᠵᠤ ᠬᠠᠳᠠᠭ᠋ᠠᠯᠠᠭᠰᠠᠨ ᠵᠶ᠋ᠠᠷ ᠪᠠᠭ᠎ᠠ᠂ ᠴᠡᠪᠡᠷᠯᠡᠨ ᠲᠡᠭᠡᠭᠡᠪᠦᠷᠢᠯᠡᠵᠦ ᠰᠢᠢ᠍ᠳᠪᠦᠷᠢᠯᠡᠬᠦ᠎ᠳᠤ ᠬᠦᠴᠢᠷᠳᠡᠯ ᠵᠶ᠋ᠡᠷ ᠪᠠᠭ᠎ᠠ᠂ ᠠᠬᠤᠢ ᠲᠠᠯᠠᠪᠠᠢ᠎ᠳᠤ᠎ᠨᠢ ᠰᠢᠢ᠍ᠳᠪᠦᠷᠢᠯᠡᠵᠦ ᠪᠣᠯᠬᠤ ᠵᠢ᠎ᠨᠢ ᠲᠡᠷᠡ ᠳᠠᠷᠤᠶ᠎ᠳᠤ᠎ᠨᠢ ᠪᠠᠢ᠌ᠴᠠᠭ᠋ᠠᠨ ᠲᠡᠷᠡ ᠳᠠᠷᠤᠶ᠎ᠳᠤ᠎ᠨᠢ ᠴᠡᠭᠴᠡᠯᠡᠨ ᠰᠠᠢ᠌ᠵᠢᠷᠠᠭᠤᠯᠬᠤ ᠵᠢ ᠬᠡᠷᠡᠭᠵᠢᠭᠦᠯᠦᠨ᠎ᠡ᠃ ᠤᠪᠤᠭ᠋ᠠᠯᠠᠵᠤ ᠬᠠᠳᠠᠭ᠋ᠠᠯᠠᠭᠰᠠᠨ ᠬᠡᠮᠵᠢᠶ᠎ᠡ᠎ᠨᠢ ᠨᠡᠯᠢᠶᠡᠳ ᠠᠷᠪᠢᠨ᠂ ᠤᠬᠤᠷᠬᠠᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠬᠦ ᠵᠢᠨ ᠠᠷᠭ᠎ᠠ ᠥᠬᠡᠶ ᠪᠤᠯ᠂ ᠨᠠᠷᠢᠨ ᠲᠣᠳᠣᠷᠬᠠᠶ ᠴᠡᠭᠴᠡᠯᠡᠨ ᠰᠠᠶ᠋ᠢᠵᠢᠷᠠᠭᠤᠯᠬᠤ ᠲᠥᠯᠥᠪᠯᠡᠭᠡ ᠲᠣᠭᠲᠠᠭ᠋ᠠᠵᠤ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠴᠠᠭ᠎ᠢ ᠱᠠᠯᠠᠪᠳᠠᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃ ᠠᠶᠤᠯ᠎ᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠣᠪᠣᠭ᠋ᠠᠯᠠᠨ ᠬᠠᠳᠠᠭ᠋ᠠᠯᠠᠬᠤ᠂ ᠰᠢᠯᠵᠢᠭᠦᠯᠬᠦ ᠪᠠ ᠠᠰᠬᠠᠵᠤ ᠴᠢᠳᠬᠤᠬᠤ᠎ᠳᠤ ᠬᠣᠯᠪᠣᠭᠳᠠᠭᠰᠠᠨ ᠠᠰᠠᠭᠤᠳᠠᠯ᠎ᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠴᠠᠭ ᠲᠤᠬᠠᠶ᠎ᠳᠤ᠎ᠨᠢ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠭᠦᠯᠬᠦ ᠬᠡᠷᠡᠭᠲᠡᠶ᠃ ᠠᠵᠢᠯ᠎ᠤᠨ ᠠᠬᠢᠴᠠ᠎ᠪᠠᠷ ᠤᠳᠠᠭ᠋ᠠᠨ ᠪᠠᠶ᠋ᠢᠭ᠎ᠠ ᠠᠶ᠋ᠢᠮᠠᠭ ᠬᠤᠳᠠ ᠪᠣᠯᠤᠨ ᠠᠰᠠᠭᠤᠳᠠᠯ ᠵᠶ᠋ᠠᠷ ᠲᠤᠪᠤᠢ᠍ᠢ᠍ᠮ᠎ᠠ ᠪᠠᠶ᠋ᠢᠭ᠎ᠠ ᠴᠡᠭ᠎ᠲᠤ ᠬᠠᠤᠯᠢ ᠬᠡᠷᠡᠭᠵᠢᠭᠦᠯᠦᠯᠳᠡ ᠵᠢᠨ ᠠᠵᠢᠯᠳᠠᠨ ᠲᠣᠮᠢᠯᠠᠨ ᠨᠢᠭᠡᠳ ᠨᠢᠭᠡ᠎ᠪᠠᠷ ᠠᠬᠤᠢ ᠲᠠᠯᠠᠪᠠᠢ᠎ᠳᠤ᠎ᠨᠢ ᠬᠠᠪᠰᠤᠷᠤᠨ ᠲᠡᠳᠬᠦᠵᠦ ᠵᠢᠭ᠋ᠠᠨ ᠵᠢᠯᠣᠭᠣᠳᠴᠤ᠂ ᠮᠠᠨ᠎ᠤ ᠣᠷᠣᠨ᠎ᠤ 《ᠬᠠᠳᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ》᠎ᠤ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠳᠡᠭᠡᠷ ᠠᠷᠭ᠎ᠠ ᠬᠢᠳᠡᠯ᠎ᠨᠢ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠭᠯᠢᠭᠵᠢᠭᠤᠯᠤᠨ ᠪᠤᠳᠠᠳᠠᠢ᠌ᠵᠢᠭᠤᠯᠵᠤ᠂ ᠠᠷᠢᠯᠭ᠋ᠠᠬᠤ ᠠᠵᠢᠯᠯᠠᠭ᠋ᠠᠨ᠎ᠤ ᠤᠷᠤᠭᠰᠢᠲᠠᠶ ᠶᠠᠪᠤᠭᠳᠠᠬᠤ᠎ᠳᠤ ᠪᠠᠳᠤᠯᠠᠭ᠎ᠠ ᠬᠠᠩᠭ᠋ᠠᠬᠤ ᠬᠡᠷᠡᠭᠳᠡᠢ᠃

      ᠠᠰᠠᠭᠤᠳᠠᠯ᠎ᠢ ᠲᠦᠪᠯᠡᠷᠡᠭᠦᠯᠬᠦ᠎ᠳᠤ᠎ᠪᠠᠨ 《ᠪᠣᠳᠠᠲᠠᠢ》 ᠪᠠᠢ᠌ᠬᠤ ᠬᠡᠷᠡᠭᠳᠡᠢ᠃ ᠲᠣᠰ ᠤᠳᠠᠭ᠋ᠠᠨ᠎ᠤ ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠣᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ᠎ᠤ ᠤᠷᠤᠨ ᠵᠠᠢ ᠵᠢᠨ ᠠᠯᠭ᠋ᠠᠰᠠᠯ᠎ᠨᠢ ᠪᠠᠷᠤᠭ 830 ᠺᠢᠯᠣᠮᠧᠲᠷ᠎ᠲᠤ ᠬᠦᠷᠴᠦ᠂ ᠠᠵᠢᠯ᠎ᠤᠨ ᠬᠦᠴᠢᠷᠳᠡᠯ ᠵᠶ᠋ᠡᠷ ᠨᠡᠯᠢᠶᠡᠳ ᠶᠡᠬᠡ ᠪᠠᠶ᠋ᠢᠨ᠎ᠠ᠃ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠡᠯ᠎ᠡ ᠭᠠᠵᠠᠷ᠎ᠤᠨ᠎ᠬᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠬᠤ ᠠᠵᠢᠯᠲᠠᠨ᠎ᠢ ᠪᠠᠷᠤᠭ 6000 ᠬᠥᠮᠦᠨ ᠤᠳᠠᠭ᠎ᠠ ᠲᠤᠮᠢᠯᠠᠵᠤ᠂ 169 ᠪᠠᠶ᠋ᠢᠴᠠᠭ᠋ᠠᠬᠤ ᠴᠡᠭ ᠲᠤᠬᠢᠷᠠᠭᠤᠯᠵᠤ᠂ ᠦᠪᠡᠰᠦᠪᠡᠨ ᠪᠠᠶ᠋ᠢᠴᠠᠭ᠋ᠠᠬᠤ ᠴᠡᠭ᠂ ᠠᠵᠤ ᠠᠬᠤᠶ᠋ᠢᠯᠠᠯ᠎ᠤᠨ ᠤᠪᠤᠭ᠋ᠠᠯᠠᠭᠰᠠᠨ ᠲᠠᠯᠠᠪᠤᠷ ᠭᠠᠵᠠᠷ ᠵᠡᠷᠭᠡ ᠵᠢ ᠪᠠᠷᠤᠭ 300 ᠴᠡᠭ ᠲᠤᠬᠢᠷᠠᠭᠤᠯᠵᠠᠢ᠃ ᠡᠭᠦᠨ᠎ᠤ ᠵᠡᠷᠭᠡᠴᠡᠭᠡ᠎ᠪᠠᠷ᠂ ᠡᠯ᠎ᠡ ᠠᠶ᠋ᠢᠮᠠᠭ ᠬᠤᠳᠠ ᠠᠵᠢᠯ᠎ᠤᠨ ᠠᠷᠭ᠎ᠠ ᠮᠠᠶᠢᠭ᠎ᠤᠨ ᠲᠠᠯ᠎ᠠ᠎ᠪᠠᠷ ᠲᠠᠰᠤᠷᠠᠯᠳᠠ ᠥᠭᠡᠢ ᠰᠢᠨ᠎ᠡ ᠵᠢ ᠡᠭᠦᠳᠴᠦ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠵᠢᠬᠤ ᠤᠷᠤᠨ᠂ ᠬᠤᠳᠠ ᠵᠢᠨ ᠬᠠᠮᠢᠶᠠᠷᠤᠯᠲᠠ ᠵᠡᠷᠭᠡ ᠡᠯ᠎ᠡ ᠰᠠᠯᠠᠭ᠎ᠠ ᠮᠥᠴᠢᠷ᠎ᠢ ᠢᠳᠡᠪᠬᠢᠲᠡᠶ᠎ᠪᠠᠷ ᠵᠣᠬᠢᠴᠠᠭᠤᠯᠤᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠦᠳᠲᠡᠷ ᠲᠦᠷᠭᠡᠨ ᠠᠵᠢᠯ ᠵᠶ᠋ᠠᠨ ᠡᠬᠢᠯᠡᠭᠦᠯᠵᠦ᠂ ᠲᠤᠬᠠᠶ᠋ᠢᠯᠠᠭᠰᠠᠨ ᠠᠵᠢᠯ᠎ᠤᠨ ᠠᠭᠤᠯᠵᠠᠨ ᠶᠠᠷᠢᠯᠴᠠᠬᠤ ᠬᠤᠷᠠᠯ᠎ᠢ ᠴᠠᠭ ᠲᠤᠬᠠᠶ᠎ᠳᠤ᠎ᠨᠢ ᠬᠤᠷᠠᠯᠳᠤᠭᠤᠯᠵᠤ᠂ ᠬᠠᠳᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯ᠎ᠢ ᠲᠦᠷᠭᠡᠭᠡᠨ ᠠᠬᠢᠭᠤᠯᠬᠤ ᠬᠡᠷᠡᠭᠲᠡᠶ᠃ 《ᠨᠢᠭᠡ᠎ᠠᠴᠠ ᠨᠦᠬᠦᠭᠡ ᠵᠢ ᠵᠦᠢ᠍ᠴᠢᠯᠡᠨ ᠮᠡᠳᠡᠬᠦ》᠎ᠪᠠᠷ ᠲᠠᠮᠵᠢᠭᠤᠯᠤᠨ ᠬᠥᠮᠦᠨ᠎ᠤ ᠬᠦᠴᠦᠨ ᠪᠠ ᠪᠣᠳᠠᠰ᠎ᠤᠨ ᠬᠦᠴᠦᠨ᠎ᠢ ᠨᠡᠶ᠋ᠢᠳᠬᠡᠵᠦ᠂ ᠲᠤᠰ ᠤᠳᠠᠭ᠋ᠠᠨ᠎ᠤ ᠬᠠᠶᠠᠭᠳᠠᠮᠠᠯ ᠪᠣᠳᠠᠰ᠎ᠢ ᠠᠷᠢᠯᠭ᠋ᠠᠬᠤ ᠠᠵᠢᠯᠯᠠᠭ᠎ᠠ ᠵᠢ ᠭᠣᠣᠯ᠎ᠤᠨ ᠵᠠᠮ᠎ᠤᠨ 《ᠲᠦᠷᠪᠡᠨ ᠲᠤᠷ᠎ᠠ ᠲᠠᠪᠠ ᠵᠢᠨ ᠠᠵᠢᠯᠯᠠᠭ᠋ᠠᠨ᠎ᠢ ᠴᠡᠪᠡᠷᠯᠡᠨ ᠠᠷᠢᠯᠭ᠋ᠠᠬᠤ》 ᠵᠢᠴᠢ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ᠎ᠲᠠᠢ ᠣᠷᠭ᠋ᠠᠨᠢᠭ ᠵᠶ᠋ᠠᠷ ᠤᠶᠠᠯᠳᠤᠭᠤᠯᠤᠨ᠎ᠠ᠃

      ᠤᠬᠠᠭᠤᠯᠭ᠎ᠠ ᠬᠥᠮᠦᠵᠢᠯ᠎ᠤᠨ ᠲᠠᠯ᠎ᠠ᠎ᠪᠠᠷ 《ᠬᠠᠯᠠᠭᠤᠨ ᠦᠷᠨᠢᠯᠳᠡ》᠎ᠲᠠᠢ ᠪᠠᠢ᠌ᠬᠤ ᠬᠡᠷᠡᠭᠳᠡᠢ᠃ ᠡᠨᠡ ᠤᠳᠠᠭ᠋ᠠᠨ᠎ᠤ ᠬᠠᠲᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ᠎ᠳᠤ ᠡᠯ᠎ᠡ ᠠᠶ᠋ᠢᠮᠠᠭ ᠬᠣᠲᠠ ᠢᠳᠡᠪᠬᠢᠲᠡᠶ᠎ᠪᠠᠷ ᠠᠵᠢᠯᠯᠠᠵᠤ᠂ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠡᠰᠡᠭ ᠠᠶ᠋ᠢᠮᠠᠭ ᠬᠣᠲᠠ ᠵᠢᠨ᠎ᠬᠢᠨ ᠪᠠᠰᠠ 《ᠰᠦᠯᠵᠢᠶ᠎ᠡ᠎ᠪᠠᠷ + ᠰᠦᠯᠵᠢᠶᠡᠨ᠎ᠠᠴᠠ ᠭᠠᠳᠠᠭᠤᠷᠬᠢ》 ᠭᠡᠬᠦ ᠤᠬᠠᠭᠤᠯᠭ᠎ᠠ ᠵᠢᠨ ᠵᠠᠭᠪᠤᠷ᠎ᠢ ᠠᠪᠴᠤ᠂ ᠬᠣᠰᠢᠭᠤ ᠲᠣᠭᠣᠷᠢᠭ᠂ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭ᠋ᠠᠰᠤ ᠵᠢ ᠵᠣᠬᠢᠶᠠᠨ ᠪᠠᠶ᠋ᠢᠭᠤᠯᠤᠨ ᠠᠵᠢᠯ᠎ᠤᠨ ᠪᠤᠳᠠᠳᠠᠢ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠲᠧᠯᠸᠢᠰ᠂ ᠷᠠᠳᠢᠣ᠋᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠨᠠᠶ᠋ᠢᠵᠠ ᠵᠢᠨ ᠲᠣᠭᠣᠷᠢᠭ᠂ ᠳᠠᠭᠤᠲᠤ ᠣᠬᠣᠷ ᠸᠢᠳᠢᠣ᠋ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ ᠲᠤᠰ ᠤᠳᠠᠭ᠋ᠠᠨ᠎ᠤ ᠠᠵᠢᠯᠯᠠᠭ᠎ᠠ ᠵᠢ ᠤᠬᠠᠭᠤᠯᠤᠨ ᠮᠡᠳᠡᠭᠡᠯᠡᠵᠦ᠂ ᠡᠭᠦᠨ᠎ᠤ ᠬᠠᠮᠲᠤ ᠠᠬᠤᠢ ᠲᠠᠯᠠᠪᠠᠢ᠎ᠳᠤ᠎ᠨᠢ ᠬᠢᠨᠠᠨ ᠬᠠᠷᠭᠤᠭᠤᠯᠵᠤ ᠵᠢᠭᠰᠠᠭ᠋ᠠᠨ ᠪᠠᠶ᠋ᠢᠴᠠᠭ᠋ᠠᠬᠤ ᠠᠵᠢᠯᠲᠠᠳ ᠲᠤᠬᠠᠢ ᠵᠢᠨ ᠭᠠᠵᠠᠷ᠎ᠲᠤ᠎ᠨᠢ ᠠᠵᠢᠯᠯᠠᠬᠤ ᠶᠠᠪᠤᠴᠠ᠎ᠳᠤ᠎ᠪᠠᠨ ᠪᠠᠰᠠ ᠠᠵᠤ ᠠᠬᠤᠶ᠋ᠢᠯᠠᠯ᠂ ᠲᠣᠰᠬᠣᠨ ᠲᠤᠭᠤᠷᠢᠭ᠎ᠤᠨ ᠡᠮᠦᠨ᠎ᠡ ᠹᠷᠣᠨᠲ᠎ᠲᠤ ᠭᠦᠨᠵᠡᠭᠡᠶ᠋ᠢᠷᠡᠵᠦ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠥᠷᠭᠡᠨ ᠤᠯᠠᠨ ᠲᠦᠮᠡᠨ᠎ᠢ ᠲᠠᠢ᠍ᠢ᠍ᠴᠢᠯᠠᠨ ᠢᠳᠡᠪᠬᠢᠲᠡᠢ ᠣᠷᠣᠯᠴᠠᠭᠤᠯᠵᠤ᠂ ᠪᠣᠬᠢᠷᠲᠤᠯ ᠦᠭᠡᠢ ᠬᠥᠭᠵᠢᠯᠲᠡ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠴᠢᠬᠤᠯᠠ ᠠᠴᠢ ᠬᠣᠯᠪᠣᠭᠳᠠᠯ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ 《ᠡᠵᠢ ᠭᠣᠣᠯ》᠎ᠢ ᠬᠠᠮᠳᠤ᠎ᠪᠠᠷ ᠰᠠᠶ᠋ᠢᠲᠤᠷ ᠬᠠᠮᠠᠭ᠋ᠠᠯᠠᠪᠠ᠃

      ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠠᠯ᠎ᠠ᠎ᠪᠠᠷ 《ᠴᠢᠩᠭ᠎ᠠ》 ᠪᠠᠢ᠌ᠬᠤ ᠬᠡᠷᠡᠭᠳᠡᠢ᠃ ᠲᠤᠰ ᠤᠳᠠᠭ᠋ᠠᠨ᠎ᠤ ᠬᠠᠲᠤᠨ ᠭᠣᠣᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ ᠡᠬᠢᠯᠡᠬᠦ ᠵᠢᠨ ᠦᠶᠡᠰ᠎ᠲᠤ᠂ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠭᠠᠵᠠᠷ᠎ᠤᠨ᠎ᠬᠢᠨ᠎ᠢ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ 《ᠨᠢᠭᠡ ᠴᠡᠭ ᠪᠠᠢ᠌ᠷᠢ᠎ᠳᠤ ᠨᠢᠭᠡ ᠲᠠᠩᠰᠠ ᠡᠪᠬᠡᠮᠡᠯ》᠎ᠲᠠᠢ ᠪᠠᠢ᠌ᠬᠤ ᠵᠢ ᠴᠢᠷᠮᠠᠶ᠋ᠢᠨ ᠪᠡᠶᠡᠯᠡᠭᠦᠯᠵᠦ᠂ ᠠᠵᠢᠯ᠎ᠤᠨ ᠲᠥᠰᠦᠯ ᠪᠤᠶᠤ ᠴᠡᠭᠴᠡᠯᠡᠨ ᠰᠠᠶ᠋ᠢᠵᠢᠷᠠᠭᠤᠯᠬᠤ ᠲᠥᠯᠥᠪᠯᠡᠭᠡ᠂ ᠬᠠᠷᠢᠭᠤ ᠮᠡᠳᠡᠭᠦᠯᠦᠯᠲᠡ ᠵᠢᠨ ᠮᠡᠳᠡᠭᠡᠯᠡᠯ ᠪᠠ ᠲᠣᠪᠴᠢ ᠮᠡᠳᠡᠭᠡ᠂ ᠴᠡᠭᠴᠡᠯᠡᠨ ᠵᠠᠰᠠᠬᠤ᠎ᠠᠴᠠ ᠡᠮᠦᠨᠡᠬᠢ ᠪᠠ ᠵᠠᠰᠠᠭᠰᠠᠨ᠎ᠤ ᠲᠠᠷᠠᠭ᠋ᠠᠬᠢ ᠠᠬᠤᠢ ᠲᠠᠯᠠᠪᠠᠢ ᠵᠢᠨ ᠬᠡᠷᠡᠯ ᠵᠢᠷᠤᠭ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠢᠨᠠᠨ ᠲᠣᠭᠲᠠᠭ᠋ᠠᠬᠤ᠂ ᠴᠡᠪᠡᠷᠯᠡᠵᠦ ᠲᠡᠭᠡᠭᠡᠪᠦᠷᠢᠯᠡᠭᠰᠡᠨ ᠡᠬᠡ ᠲᠠᠩᠰᠠ ᠵᠢᠨ ᠲᠡᠮᠳᠡᠭᠯᠡᠯ ᠵᠡᠷᠭᠡ ᠲᠠᠯ᠎ᠠ ᠵᠢᠨ ᠲᠠᠩᠰᠠ ᠡᠪᠬᠡᠮᠡᠯ᠎ᠤᠨ ᠠᠭᠤᠯᠭ᠎ᠠ ᠵᠢ ᠦᠨᠡᠨ ᠬᠦ᠌ ᠪᠦᠷᠢᠨᠰᠢᠭᠦᠯᠵᠦ᠂ ᠲᠠᠩᠰᠠ ᠡᠪᠬᠡᠮᠡᠯ᠎ᠤᠨ ᠮᠠᠲ᠋ᠧᠷᠢᠶᠠᠯ᠎ᠤᠨ ᠪᠦᠷᠢᠨ ᠪᠦᠲᠦᠨ ᠪᠠᠶ᠋ᠢᠬᠤ ᠵᠢ ᠦᠨᠡᠨ ᠬᠦ᠌ ᠪᠠᠲᠤᠯᠠᠵᠤ᠂ ᠪᠠᠶ᠋ᠢᠴᠠᠭ᠋ᠠᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠬᠡᠷᠡᠭᠲᠡᠶ ᠭᠡᠵᠦ ᠱᠠᠭ᠋ᠠᠷᠳᠠᠪᠠ᠃

      ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ᠎ᠤ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠲᠤᠯᠠᠬᠤ ᠵᠢᠨ ᠲᠤᠰᠠᠳᠠ᠂ 2021 ᠣᠨ᠎ᠤ ᠠᠵᠢᠯ᠎ᠤᠨ ᠰᠠᠭᠤᠷᠢᠨ ᠳᠡᠭᠡᠷ᠎ᠡ᠂ 2022 ᠣᠨ᠎ᠤ 3 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ 《ᠬᠠᠲᠤᠨ ᠭᠣᠤᠯ᠎ᠤᠨ ᠰᠠᠪᠠ ᠭᠠᠵᠠᠷ ᠲᠠᠭ᠋ᠠᠤ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ᠎ᠤ ᠦᠷ᠎ᠡ ᠪᠦᠲᠦᠭᠡᠯ᠎ᠢ ᠪᠠᠲᠤᠳᠬᠠᠨ ᠬᠠᠲᠤᠨ ᠭᠣᠤᠯ᠎ᠤᠨ ᠰᠠᠪᠠ ᠭᠠᠵᠠᠷ᠎ᠤᠨ ᠣᠷᠴᠢᠨ ᠲᠣᠭᠣᠷᠢᠨ᠎ᠤ ᠠᠮᠤᠷ ᠲᠦᠪᠰᠢᠨ ᠪᠠᠢ᠌ᠬᠤ ᠵᠢ ᠪᠠᠲᠤᠯᠠᠬᠤ ᠲᠤᠬᠠᠶ ᠵᠠᠬᠢᠳᠠᠯ》 (ᠥᠪᠥᠷ ᠤᠷᠴᠢᠨ ᠵᠠᠬᠢᠳᠠᠯ [2022] 129 ᠳ᠋ᠤᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠠᠶ᠋ᠢᠮᠠᠭ ᠬᠣᠲᠠ ᠵᠢ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠲᠤᠰᠢᠶᠠᠭᠰᠠᠨ ᠪᠣᠶ ᠪᠥᠬᠥᠶ ᠴᠡᠭ᠎ᠲᠤ ᠨᠢᠭᠡᠳ ᠨᠢᠭᠡ᠎ᠪᠠᠷ ᠲᠥᠷᠥᠯ ᠬᠤᠪᠢᠶᠠᠨ ᠲᠠᠩᠰᠠ ᠡᠪᠬᠡᠮᠡᠯ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ; ᠡᠭᠦᠨ᠎ᠤ ᠵᠡᠷᠭᠡᠴᠡᠭᠡ᠎ᠪᠠᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠯᠵᠢᠭᠦᠯᠬᠦ᠂ ᠠᠰᠬᠠᠵᠤ ᠴᠢᠳᠬᠤᠬᠤ᠂ ᠣᠪᠣᠭ᠋ᠠᠯᠠᠨ ᠬᠠᠳᠠᠭ᠋ᠠᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 《ᠡᠷᠲᠡ ᠢᠯᠡᠷᠡᠭᠦᠯᠬᠦ᠂ ᠡᠷᠲᠡ ᠰᠢᠢ᠍ᠳᠪᠦᠷᠢᠯᠡᠬᠦ᠂ ᠴᠢᠩᠭ᠎ᠠ ᠬᠠᠮᠢᠶᠠᠷᠬᠤ》 ᠤᠷᠳᠤ ᠬᠤᠭᠤᠴᠠᠭ᠋ᠠᠨ᠎ᠤ ᠪᠦᠲᠦᠮᠵᠢᠲᠡᠶ ᠬᠢᠨᠠᠯᠳᠠ ᠬᠠᠮᠢᠶᠠᠷᠤᠯᠳᠠ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ ᠪᠦᠷᠢᠨᠰᠢᠭᠦᠯᠦᠨ᠎ᠡ᠃ ᠣᠲᠣ ᠪᠣᠯᠲᠠᠯ᠎ᠠ᠂ ᠪᠣᠶ ᠪᠥᠬᠥᠶ ᠠᠰᠠᠭᠤᠳᠠᠯ᠎ᠢ ᠨᠢᠭᠡᠨᠲᠡ ᠪᠦᠷᠢᠳᠭᠡᠨ ᠲᠠᠩᠰᠠᠯᠠᠭᠤᠯᠬᠤ ᠠᠵᠢᠯ᠎ᠢ ᠳᠠᠭᠤᠰᠬᠠᠪᠠ; ᠬᠠᠲᠤᠨ ᠭᠣᠤᠯ ᠳᠠᠭ᠋ᠠᠤ ᠵᠢᠨ 7 ᠠᠶ᠋ᠢᠮᠠᠭ ᠬᠣᠲᠠ᠎ᠳᠤ ᠴᠥᠮ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠮᠡᠳᠡᠭᠦᠯᠦᠨ ᠬᠦᠷᠭᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠭᠰᠠᠨ ᠪᠠᠶ᠋ᠢᠨ᠎ᠠ᠃ 2022 ᠣᠨ᠎ᠤ 9 ᠳ᠋ᠤᠭᠡᠷ ᠰᠠᠷ᠎ᠠ᠎ᠳᠤ᠂ ᠬᠠᠶᠠᠭᠳᠠᠮᠠᠯ ᠪᠤᠳᠠᠰ᠎ᠢ ᠴᠡᠪᠡᠷᠯᠡᠨ ᠠᠷᠢᠯᠭ᠋ᠠᠬᠤ ᠠᠵᠢᠯᠯᠠᠭ᠋ᠠᠨ᠎ᠤ ᠠᠵᠢᠯ᠎ᠤᠨ ᠦᠷ᠎ᠡ ᠪᠦᠲᠦᠮᠵᠢ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠬᠡᠰᠡᠭ ᠴᠡᠭ ᠪᠠᠢ᠌ᠷᠢ ᠵᠢ ᠰᠣᠩᠭᠣᠨ ᠪᠥᠬᠥ ᠣᠷᠣᠨ᠎ᠤ 2022 ᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠤᠯᠪᠢᠴᠠᠭᠤᠯᠤᠨ ᠬᠠᠤᠯᠢ ᠬᠡᠷᠡᠭᠵᠢᠭᠦᠯᠦᠭᠰᠡᠨ ᠪᠠᠶ᠋ᠢᠴᠠᠭ᠋ᠠᠯᠲᠠ᠎ᠳᠤ ᠣᠷᠣᠭᠤᠯᠵᠤ᠂ ᠭᠣᠤᠯᠳᠠᠯᠭ᠎ᠠ᠎ᠲᠠᠢ ᠠᠰᠠᠭᠤᠳᠠᠯ᠎ᠤᠨ ᠴᠡᠭ ᠪᠠᠢ᠌ᠷᠢ ᠵᠢ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ ᠪᠠ ᠪᠡᠶᠡᠯᠡᠭᠦᠯᠦᠭᠰᠡᠨ ᠪᠠᠶ᠋ᠢᠳᠠᠯ᠎ᠳᠤ 《ᠪᠤᠴᠠᠵᠤ ᠪᠠᠢ᠌ᠴᠠᠭ᠋ᠠᠨ ᠦᠵᠡᠬᠦ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠰᠠᠭᠤᠳᠠᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ᠂ ᠠᠬᠢᠨᠳᠠ ᠡᠭᠦᠰᠴᠤ ᠲᠡᠬᠢᠨᠳᠠ ᠲᠠᠪᠳᠠᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃ ᠪᠦᠬᠦ ᠣᠷᠣᠨ᠎ᠤ 2022 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠤᠯᠪᠢᠴᠠᠭᠤᠯᠤᠨ ᠬᠠᠤᠯᠢ ᠬᠡᠷᠡᠭᠵᠢᠭᠦᠯᠦᠭᠰᠡᠨ ᠪᠠᠶ᠋ᠢᠴᠠᠭ᠋ᠠᠯᠲᠠ᠎ᠳᠤ ᠬᠡᠰᠡᠭ ᠬᠠᠶᠠᠭᠳᠠᠮᠠᠯ ᠪᠣᠳᠠᠰ᠎ᠢ ᠴᠡᠪᠡᠷᠯᠡᠨ ᠠᠷᠢᠯᠭ᠋ᠠᠬᠤ ᠠᠰᠠᠭᠤᠳᠠᠯ᠎ᠳᠤ 《ᠪᠤᠴᠠᠵᠤ ᠪᠠᠢ᠌ᠴᠠᠭ᠋ᠠᠨ ᠦᠵᠡᠬᠦ》᠎ᠪᠠᠷ ᠲᠤᠬᠢᠷᠠᠭᠤᠯᠤᠭᠰᠠᠨ 391 ᠳ᠋ᠤᠭᠡᠷ ᠨᠤᠮᠸᠷᠳᠤ ᠠᠰᠠᠭᠤᠳᠠᠯ᠎ᠤᠨ ᠠᠬᠤᠢ ᠲᠠᠯᠠᠪᠠᠢ᠎ᠳᠤ ᠣᠪᠣᠭ᠋ᠠᠯᠠᠨ ᠬᠠᠳᠠᠭ᠋ᠠᠯᠠᠵᠤ ᠪᠠᠶ᠋ᠢᠭᠰᠠᠨ ᠪᠠᠷᠢᠯᠭ᠎ᠠ ᠵᠢᠨ ᠬᠣᠭ ᠨᠣᠪᠰᠢ ᠵᠢ ᠨᠢᠭᠡᠨᠲᠡ ᠴᠡᠪᠡᠷᠯᠡᠵᠦ᠂ ᠠᠰᠠᠭᠤᠳᠠᠯ᠎ᠢ ᠠᠬᠢᠨᠳᠠ ᠡᠭᠦᠰᠭᠡᠵᠦ ᠲᠡᠬᠢᠨᠳᠠ ᠲᠠᠪᠳᠠᠬᠤ ᠦᠭᠡᠢ ᠪᠤᠯᠭ᠋ᠠᠪᠠ᠃ ᠪᠦᠬᠦ ᠣᠷᠣᠨ᠎ᠤ 2022 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠤᠯᠪᠢᠴᠠᠭᠤᠯᠤᠨ ᠬᠠᠤᠯᠢ ᠬᠡᠷᠡᠭᠵᠢᠭᠦᠯᠦᠭᠰᠡᠨ ᠪᠠᠶ᠋ᠢᠴᠠᠭ᠋ᠠᠯᠲᠠ᠎ᠳᠤ ᠬᠡᠰᠡᠭ ᠬᠠᠶᠠᠭᠳᠠᠮᠠᠯ ᠪᠣᠳᠠᠰ᠎ᠢ ᠴᠡᠪᠡᠷᠯᠡᠨ ᠠᠷᠢᠯᠭ᠋ᠠᠬᠤ ᠠᠰᠠᠭᠤᠳᠠᠯ᠎ᠳᠤ 《ᠪᠤᠴᠠᠵᠤ ᠪᠠᠢ᠌ᠴᠠᠭ᠋ᠠᠨ ᠦᠵᠡᠬᠦ》᠎ᠪᠠᠷ ᠲᠤᠬᠢᠷᠠᠭᠤᠯᠤᠭᠰᠠᠨ 529 ᠳ᠋ᠤᠭᠡᠷ ᠨᠤᠮᠸᠷᠳᠤ ᠠᠰᠠᠭᠤᠳᠠᠯ᠎ᠤᠨ ᠠᠬᠤᠢ ᠲᠠᠯᠠᠪᠠᠢ᠎ᠳᠤ ᠣᠪᠣᠭ᠋ᠠᠯᠠᠨ ᠬᠠᠳᠠᠭ᠋ᠠᠯᠠᠵᠤ ᠪᠠᠶ᠋ᠢᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠨᠢᠭᠡᠨᠲᠡ ᠴᠡᠪᠡᠷᠯᠡᠵᠦ᠂ ᠠᠰᠠᠭᠤᠳᠠᠯ᠎ᠢ ᠠᠬᠢᠨᠳᠠ ᠡᠭᠦᠰᠭᠡᠵᠦ ᠲᠡᠬᠢᠨᠳᠠ ᠲᠠᠪᠳᠠᠬᠤ ᠦᠭᠡᠢ ᠪᠤᠯᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠠᠵᠢᠯ᠎ᠢ ᠦᠷᠨᠢᠭᠦᠯᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
【ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ 】 ᠵᠢᠨ〈ᠬᠤᠭ ᠨᠤᠪᠰᠢ〉ᠵᠢ ᠠᠷᠢᠯᠭ᠋ᠠᠬᠤ ᠠᠵᠢᠯᠯᠠᠭ᠎ᠠ ᠵᠢ ᠰᠠᠶ᠋ᠢᠲᠤᠷ ᠬᠢᠵᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ
ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ 《ᠰᠠᠷᠠᠭᠤᠯ》 ᠪᠣᠯᠤᠨ 《ᠠᠨᠠᠷ᠎ᠤᠨ ᠦᠷ᠎ᠡ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠪᠠᠶ᠋ᠢᠭᠤᠯᠪᠠ
ᠲᠤᠢ᠌ᠯ᠎ᠤᠨ ᠤᠨᠤᠪᠴᠢᠳᠠᠢ᠎ᠪᠠᠷ ᠤᠢ᠌ᠯᠡᠴᠢᠯᠡᠨ CCUS ᠲᠦᠷᠦᠯ ᠵᠦᠢ᠍ᠯ᠎ᠳᠤ ᠡᠨᠧᠷᠭᠢ ᠤᠯᠭᠤᠶ᠎ᠠ ᠪᠣᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠶ᠎ᠠ
 
             蒙ICP备05000248号