ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠳᠡ ᠵᠢᠨ ᠠᠵᠢᠯᠯᠠᠭ᠎ᠠ ᠦᠷᠨᠢᠭᠦᠯᠪᠡ
ᠨᠡᠶ᠋ᠢᠲᠡᠯᠡᠭᠰᠡᠨ ᠴᠠᠭ᠄ 2022-12-08

     9 ᠳ᠋ᠤᠭᠡᠷ ᠰᠠᠷ᠎ᠠ᠎ᠠᠴᠠ ᠨᠠᠭ᠋ᠠᠰᠢ᠂ ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠳᠡ ᠵᠢᠨ ᠡᠩᠨᠡᠭᠡᠨ᠎ᠤ᠎ᠬᠢᠨ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠳᠥᠭᠥᠮ ᠦᠭᠡᠢ ᠪᠠᠶ᠋ᠢᠳᠠᠯ᠎ᠢ ᠢᠯᠠᠨ ᠳᠠᠪᠠᠵᠤ᠂ ᠠᠵᠢᠯ᠎ᠤᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠰᠦᠯᠵᠢᠶ᠎ᠡ᠎ᠪᠠᠷ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠬᠢᠬᠦ ᠪᠠ ᠸᠢᠳᠢᠤ᠋ ᠬᠤᠷᠠᠯ᠎ᠤᠨ ᠬᠡᠯᠪᠡᠷᠢ ᠵᠡᠷᠭᠡ ᠠᠷᠠᠭ᠎ᠠ ᠮᠠᠶᠢᠭ ᠵᠶ᠋ᠠᠷ ᠳᠠᠮᠵᠢᠭᠤᠯᠤᠨ᠂ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢ ᠥᠷᠨᠢᠭᠦᠯᠵᠦ᠂ ᠬᠢᠵᠢᠭ᠎ᠲᠠᠢ ᠲᠡᠮᠡᠴᠡᠵᠦ ᠪᠠᠢ᠌ᠭ᠎ᠠ ᠬᠤᠭᠤᠴᠠᠭ᠋ᠠᠨ᠎ᠳᠤ᠎ᠬᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠵᠤ᠂ ᠠᠵᠤ ᠠᠬᠤᠶ᠋ᠢᠯᠠᠯ᠎ᠢ ᠶᠡᠬᠡ᠎ᠪᠠᠷ ᠬᠠᠪᠰᠤᠷᠤᠨ ᠲᠡᠳᠬᠦᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠲᠠᠯ᠎ᠠ᠎ᠪᠠᠷ 《ᠬᠣᠶᠠᠷ᠎ᠢ ᠦᠯᠦ ᠰᠠᠭ᠋ᠠᠭᠳᠠᠬᠤ》 ᠪᠠᠶ᠋ᠢᠳᠠᠯ᠎ᠢ ᠪᠡᠶᠡᠯᠡᠭᠦᠯᠪᠡ᠃ 《2022 ᠣᠨ᠎ᠤ ᠰᠠᠴᠤᠷᠠᠭ᠎ᠤᠨ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠢ᠌ᠯᠠᠨ ᠵᠠᠰᠠᠬᠤ ᠠᠵᠢᠯᠯᠠᠭ᠋ᠠᠨ᠎ᠢ ᠳᠠᠷᠤᠮᠠᠯᠯᠠᠨ ᠲᠠᠷᠬᠠᠭ᠋ᠠᠬᠤ ᠲᠤᠬᠠᠶ ᠬᠡᠷᠡᠭᠵᠢᠭᠦᠯᠬᠦ ᠲᠥᠰᠦᠯ》᠎ᠤᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠦᠨᠳᠦᠰᠦᠯᠡᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠤᠳᠠᠳᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠪᠦᠬᠦ ᠣᠷᠣᠨ᠎ᠤ ᠬᠡᠪᠴᠢᠶᠡᠨ᠎ᠳᠤ ᠠᠩᠬ᠎ᠠ ᠤᠳᠠᠭ᠎ᠠ ᠶᠡᠬᠡ ᠬᠡᠪᠴᠢᠶ᠎ᠡ᠎ᠪᠠᠷ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠋ᠠᠨ᠎ᠢ ᠦᠷᠨᠢᠭᠦᠯᠵᠦ᠂ ᠡᠮᠬᠢᠯᠡᠵᠦ ᠭᠠᠷᠭ᠋ᠠᠭᠰᠠᠨ ᠠᠰᠠᠭᠤᠳᠠᠯ᠎ᠤᠨ ᠨᠠᠷᠢᠨ ᠲᠠᠩᠰᠠ ᠵᠢ ᠠᠶ᠋ᠢᠮᠠᠭ ᠬᠣᠲᠠ ᠵᠢᠨ ᠰᠠᠯᠪᠤᠷᠢ ᠠᠩᠭᠢ᠎ᠳᠤ ᠴᠠᠭ ᠲᠤᠬᠠᠶ᠎ᠳᠤ᠎ᠨᠢ ᠶᠠᠪᠤᠭᠤᠯᠵᠤ᠂ ᠬᠠᠷᠢᠶ᠎ᠠ ᠭᠠᠵᠠᠷ᠎ᠤᠨ ᠬᠠᠤᠯᠢ ᠬᠡᠷᠡᠭᠵᠢᠭᠦᠯᠦᠯᠳᠡ ᠵᠢᠨ ᠰᠠᠯᠪᠤᠷᠢ ᠠᠩᠭᠢ᠎ᠨᠢ ᠠᠰᠠᠭᠤᠳᠠᠯ᠎ᠤᠨ ᠨᠠᠷᠢᠨ ᠲᠠᠩᠰᠠ ᠵᠢ ᠦᠨᠳᠦᠰᠦᠯᠡᠨ᠂ ᠰᠠᠴᠤᠷᠠᠭ᠎ᠤᠨ ᠠᠮᠤᠷ ᠲᠦᠪᠰᠢᠨ᠎ᠤ ᠵᠥᠪᠰᠢᠶᠡᠷᠡᠯ᠎ᠤᠨ ᠦᠨᠡᠮᠯᠡᠯ᠂ ᠲᠥᠷᠥᠯ ᠵᠦᠢ᠍ᠯ᠎ᠢ ᠬᠢᠨᠠᠨ ᠰᠢᠯᠭ᠋ᠠᠬᠤ ᠭᠠᠷᠳᠠᠮ᠂ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠵᠡᠷᠭᠡ ᠪᠠᠶ᠋ᠢᠳᠠᠯ᠎ᠢ ᠭᠣᠤᠯᠳᠠᠯᠭ᠎ᠠ᠎ᠲᠠᠢ ᠪᠠᠶ᠋ᠢᠴᠠᠭ᠋ᠠᠨ ᠦᠵᠡᠵᠦ᠂ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠴᠤ᠂ ᠬᠢᠵᠢᠭ᠎ᠤᠨ ᠪᠠᠶ᠋ᠢᠳᠠᠯ ᠲᠠᠢ᠌ᠯᠤᠭᠳᠠᠭᠰᠠᠨ᠎ᠤ ᠳᠠᠷᠠᠭ᠎ᠠ᠂ ᠠᠬᠤᠢ ᠲᠠᠯᠠᠪᠠᠢ᠎ᠳᠤ᠎ᠨᠢ ᠲᠠᠬᠢᠨᠳᠠ ᠬᠢᠨᠠᠵᠤ ᠬᠠᠶ᠋ᠢᠨ ᠰᠢᠯᠭ᠋ᠠᠵᠤ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠦᠯᠦᠨ᠎ᠡ᠃ ᠣᠲᠣ ᠪᠣᠯᠲᠠᠯ᠎ᠠ᠂ ᠰᠠᠴᠤᠷᠠᠭ᠎ᠤᠨ ᠠᠮᠤᠷ ᠲᠦᠪᠰᠢᠨ᠎ᠤ ᠲᠤᠰᠬᠠᠶ ᠠᠵᠢᠯᠯᠠᠭ᠋ᠠᠨ᠎ᠳᠤ ᠨᠡᠶ᠋ᠢᠲᠡ 58 ᠨᠢᠭᠡᠴᠢ ᠵᠢ ᠵᠢᠭᠰᠠᠭ᠋ᠠᠨ ᠪᠠᠶ᠋ᠢᠴᠠᠭ᠋ᠠᠵᠤ᠂ ᠬᠠᠤᠯᠢ᠎ᠠᠴᠠ ᠵᠥᠷᠢᠴᠡᠭᠰᠡᠨ 120 ᠬᠤᠪᠢ ᠠᠰᠠᠭᠤᠳᠠᠯ᠎ᠢ ᠢᠯᠡᠷᠡᠭᠦᠯᠵᠦ᠂ ᠡᠭᠦᠨ᠎ᠳᠤ 34 ᠬᠤᠪᠢ ᠵᠢ᠎ᠨᠢ ᠲᠣᠭᠲᠠᠭᠰᠠᠨ ᠬᠤᠭᠤᠴᠠᠭ᠋ᠠᠨ᠎ᠳᠤ᠎ᠨᠢ ᠴᠡᠭᠴᠡᠯᠡᠨ ᠰᠠᠢ᠌ᠵᠢᠷᠠᠭᠤᠯᠬᠤ ᠪᠢᠴᠢᠭ ᠪᠠᠭᠤᠯᠭ᠋ᠠᠵᠤ᠂ 6 ᠨᠢᠭᠡᠴᠢ ᠵᠢ᠎ᠨᠢ ᠰᠢᠢ᠍ᠳᠭᠡᠨ ᠲᠤᠷᠭᠤᠭ᠋ᠠᠵᠤ᠂ ᠨᠡᠶ᠋ᠢᠲᠡ 103.27 ᠲᠦᠮᠡᠨ ᠲᠥᠭᠥᠷᠢᠭ᠎ᠤᠨ ᠲᠣᠷᠭ᠋ᠠᠭᠤᠯᠢ ᠵᠢᠨ ᠵᠤᠭᠤᠰ ᠵᠶ᠋ᠠᠷ ᠲᠤᠷᠭᠤᠭ᠋ᠠᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ᠎ᠨᠢ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠦᠷᠭᠦᠯᠵᠢᠯᠡᠨ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ᠎ᠪᠠᠨ ᠲᠡᠭᠡᠭᠰᠢᠯᠡᠭᠦᠯᠵᠦ᠂ ᠰᠠᠴᠤᠷᠠᠭ᠎ᠤᠨ ᠠᠮᠤᠷ ᠲᠦᠪᠰᠢᠨ᠎ᠤ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠰᠢᠨ᠎ᠡ ᠵᠠᠭᠪᠤᠷ᠎ᠢ ᠶᠡᠬᠡ᠎ᠪᠠᠷ ᠰᠦᠪᠡᠭᠴᠢᠯᠡᠨ ᠪᠦᠷᠢᠨᠰᠢᠭᠦᠯᠵᠦ᠂ ᠰᠠᠴᠤᠷᠠᠭ᠎ᠤᠨ ᠠᠮᠤᠷ ᠲᠦᠪᠰᠢᠨ᠎ᠤ ᠬᠠᠤᠯᠢ ᠬᠡᠷᠡᠭᠵᠢᠭᠦᠯᠬᠦ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠠᠬᠤᠢ ᠲᠠᠯᠠᠪᠠᠢ ᠵᠢᠨ ᠪᠤᠰᠤ ᠬᠢᠨᠠᠯᠳᠠ ᠬᠠᠮᠢᠶᠠᠷᠤᠯᠳᠠ᠎ᠪᠠᠷ ᠠᠰᠠᠭᠤᠳᠠᠯ᠎ᠢ ᠢᠯᠡᠷᠡᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠥ ᠣᠷᠣᠨ᠎ᠤ ᠰᠠᠴᠤᠷᠠᠭ᠎ᠤᠨ ᠠᠮᠤᠷ ᠲᠦᠪᠰᠢᠨ᠎ᠢ ᠪᠠᠲᠤᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠲᠤᠨ ᠭᠣᠤᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠬᠤ ᠵᠢ ᠵᠢᠭᠰᠠᠭ᠋ᠠᠵᠤ ᠪᠠᠢ᠌ᠴᠠᠭ᠋ᠠᠨ ᠴᠡᠭᠴᠡᠯᠡᠨ ᠵᠠᠰᠠᠭᠰᠠᠨ ᠠᠵᠢᠯ᠎ᠤᠨ ᠦᠷ᠎ᠡ ᠪᠦᠳᠦᠮᠵᠢ ᠵᠢᠨ ᠪᠠᠢ᠌ᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢᠨ ᠶᠡᠷᠦᠩᠬᠡᠶ ᠠᠩᠭᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠠᠵᠢᠯ᠎ᠢ ᠦᠷᠨᠢᠭᠦᠯᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
【ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ 】 ᠵᠢᠨ〈ᠬᠤᠭ ᠨᠤᠪᠰᠢ〉ᠵᠢ ᠠᠷᠢᠯᠭ᠋ᠠᠬᠤ ᠠᠵᠢᠯᠯᠠᠭ᠎ᠠ ᠵᠢ ᠰᠠᠶ᠋ᠢᠲᠤᠷ ᠬᠢᠵᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ
ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ 《ᠰᠠᠷᠠᠭᠤᠯ》 ᠪᠣᠯᠤᠨ 《ᠠᠨᠠᠷ᠎ᠤᠨ ᠦᠷ᠎ᠡ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠪᠠᠶ᠋ᠢᠭᠤᠯᠪᠠ
 
             蒙ICP备05000248号