3 ᠳ᠋ᠤᠭ᠋ᠠᠷ ᠰᠠᠷ᠎ᠠ ᠵᠢᠨ 11᠎ᠤ ᠡᠳᠦᠷ᠂ ᠬᠢᠩᠭ᠋ᠠᠨ ᠠᠶ᠋ᠢᠮᠠᠭ᠎ᠤᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠬᠢᠩᠭ᠋ᠠᠨ ᠠᠶ᠋ᠢᠮᠠᠭ᠎ᠤᠨ ᠰᠢᠶᠠᠩ ᠶᠠᠩ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠯᠠᠭᠤ ᠰᠠᠶ᠋ᠢᠨ ᠳᠤᠷ᠎ᠠ ᠵᠢᠨ ᠠᠵᠢᠯᠯᠠᠭᠴᠢᠳ᠎ᠤᠨ ᠨᠡᠶ᠋ᠢᠭᠡᠮᠯᠢᠭ᠂ ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠲᠠᠢ ᠬᠠᠮᠲᠤᠷᠠᠨ ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠳᠤ ᠬᠦᠷᠴᠦ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠤᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ》 ᠥᠷᠨᠢᠭᠦᠯᠪᠡ᠃
ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠤ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠤ᠂ ᠪᠠᠭᠰᠢ᠎ᠨᠢ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ᠎ᠲᠤ ᠬᠣᠭ ᠨᠣᠪᠰᠢ ᠵᠢ ᠲᠥᠷᠥᠯ ᠬᠤᠪᠢᠶᠠᠬᠤ ᠤᠬᠠᠭᠳᠠᠬᠤᠨ᠎ᠢ ᠲᠠᠶ᠋ᠢᠯᠪᠤᠷᠢᠯᠠᠨ ᠥᠭᠴᠦ᠂ ᠳᠠᠷᠠᠭ᠎ᠠ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠤ ᠪᠠᠭᠰᠢ ᠨᠠᠷ ᠪᠢᠴᠢᠬᠠᠨ ᠲᠣᠭᠯᠠᠭ᠋ᠠᠮ᠎ᠤᠨ ᠬᠡᠯᠪᠡᠷᠢ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠪᠢᠴᠢᠬᠠᠨ ᠠᠵᠢᠯᠯᠠᠭᠰᠠᠳ᠎ᠢ ᠬᠠᠪᠰᠤᠷᠤᠨ ᠬᠣᠭ ᠨᠣᠪᠰᠢ ᠵᠢ ᠲᠦᠷᠦᠯ ᠬᠤᠪᠢᠶᠠᠬᠤ ᠮᠡᠳᠡᠯᠭᠡ ᠵᠢ ᠪᠦᠬᠦ ᠲᠠᠯ᠎ᠠ᠎ᠪᠠᠷ ᠰᠢᠭᠤᠳ ᠤᠢ᠍ᠢ᠍ᠯᠠᠭ᠋ᠠᠭᠤᠯᠵᠤ᠂ ᠬᠣᠣᠷᠲᠠᠢ ᠬᠣᠭ ᠨᠣᠪᠰᠢ᠂ ᠲᠣᠭᠣᠭ᠋ᠠᠨ ᠭᠡᠷ᠎ᠤᠨ ᠬᠣᠭ ᠨᠣᠪᠰᠢ᠂ ᠬᠤᠷᠢᠶᠠᠨ ᠠᠪᠴᠤ ᠪᠣᠯᠬᠤ ᠬᠣᠭ ᠨᠣᠪᠰᠢ ᠪᠣᠯᠤᠨ ᠪᠤᠰᠤᠳ ᠬᠣᠭ ᠨᠣᠪᠰᠢ ᠵᠢ ᠵᠥᠪ ᠣᠨᠣᠪᠴᠢᠲᠠᠢ ᠢᠯᠭ᠋ᠠᠵᠤ᠂ ᠠᠵᠢᠯᠯᠠᠭ᠎ᠠ ᠵᠢᠨ ᠠᠬᠤᠢ ᠲᠠᠯᠠᠪᠠᠢ᠎ᠳᠤ ᠬᠦᠷ ᠬᠥᠭᠵᠢᠶᠡᠨ᠎ᠲᠠᠢ ᠪᠠᠶ᠋ᠢᠯ᠎ᠠ᠃ ᠬᠠᠮᠤᠭ᠎ᠤᠨ ᠰᠡᠭᠦᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠪᠢᠴᠢᠬᠠᠨ ᠠᠵᠢᠯᠯᠠᠭᠰᠠᠳ ᠤᠯᠠᠨ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠭᠠᠷ ᠠᠪᠤᠯᠭ᠎ᠠ ᠵᠢᠨ ᠲᠡᠪᠳᠡᠷ᠎ᠢ ᠲᠠᠷᠬᠠᠭ᠋ᠠᠵᠤ ᠦᠭᠬᠦᠯ᠎ᠡ᠃
ᠪᠠᠭᠰᠢ ᠨᠠᠷ᠎ᠤᠨ ᠨᠠᠷᠢᠨ ᠨᠢᠮᠪᠠᠶ ᠲᠠᠶ᠋ᠢᠯᠪᠤᠷᠢᠯᠠᠬᠤ᠎ᠪᠠᠷ ᠳᠡᠮᠵᠢᠨ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ ᠬᠣᠭ ᠨᠣᠪᠰᠢ ᠵᠢᠨ ᠰᠠᠪᠠ ᠵᠢᠨ ᠲᠡᠮᠳᠡᠭ᠎ᠤᠳ᠎ᠢ ᠢᠯᠭ᠋ᠠᠨ ᠲᠠᠨᠢᠵᠤ᠂ ᠬᠣᠭ ᠨᠣᠪᠰᠢ ᠵᠢ ᠲᠥᠷᠥᠯ ᠬᠤᠪᠢᠶᠠᠬᠤ ᠠᠷᠭ᠎ᠠ ᠵᠢ ᠲᠥᠬᠥᠮ ᠣᠶ᠋ᠢᠯᠠᠭ᠋ᠠᠵᠤ᠂ ᠡᠯ᠎ᠡ ᠲᠥᠷᠥᠯ᠎ᠤᠨ ᠬᠣᠭ ᠨᠣᠪᠰᠢ ᠵᠢ ᠦᠷᠭᠦᠯᠵᠢᠯᠡᠨ ᠰᠢᠢ᠍ᠳᠪᠦᠷᠢᠯᠡᠬᠦ ᠵᠢ ᠮᠡᠳᠡᠭᠰᠡᠨ ᠪᠠᠶ᠋ᠢᠨ᠎ᠠ᠃ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ᠎ᠤᠨ ᠠᠷᠪᠢᠯᠠᠨ ᠭᠠᠮᠨᠠᠬᠤ ᠪᠠ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳᠢ ᠬᠥᠲᠥᠯᠥᠨ ᠵᠢᠯᠣᠭᠣᠳᠴᠤ ᠪᠠᠶ᠋ᠢᠭ᠋ᠠᠳ ᠳᠡᠷᠭᠡᠳᠡᠬᠢ ᠵᠢᠵᠢᠭ ᠰᠠᠵᠢᠭ ᠵᠦᠢ᠍ᠯ᠎ᠠᠴᠠ᠎ᠨᠢ ᠡᠬᠢᠯᠡᠨ ᠬᠢᠯᠭᠡᠵᠦ᠂ ᠠᠮᠢᠳᠤᠷᠠᠯ᠎ᠤᠨ ᠬᠣᠭ ᠨᠣᠪᠰᠢ ᠵᠢ ᠤᠬᠠᠮᠰᠠᠷ᠎ᠠᠴᠠ᠎ᠪᠠᠨ᠂ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠬᠤ ᠵᠢ ᠰᠤᠷᠭ᠋ᠠᠵᠠᠢ᠃