ᠨᠢᠭᠡ᠂ ᠲᠦᠷᠦᠯ ᠵᠦᠢ᠍ᠯ᠎ᠤᠨ ᠠᠵᠢᠯ᠎ᠳᠤ ᠤᠷᠢᠳᠴᠢᠯᠠᠨ ᠣᠷᠣᠯᠴᠠᠵᠤ᠂ 《ᠬᠢᠨᠠᠨ ᠵᠥᠪᠰᠢᠶᠡᠷᠡᠬᠦ ᠦᠵᠦᠭᠦᠷ》᠎ᠠᠴᠠ 《ᠦᠢ᠍ᠯᠡᠴᠢᠯᠡᠭᠡᠨ᠎ᠤ ᠦᠵᠦᠭᠦᠷ》 ᠲᠡᠢ᠌ᠰᠢ ᠬᠤᠪᠢᠷᠠᠭᠤᠯᠤᠨ᠎ᠠ᠃ ᠨᠢᠭᠡ᠎ᠳᠤ᠂ ᠦᠢ᠍ᠯᠡᠴᠢᠯᠡᠭᠡ ᠵᠢ ᠤᠷᠢᠳᠴᠢᠯᠠᠨ ᠡᠬᠢᠯᠡᠭᠦᠯᠵᠦ᠂ ᠭᠠᠷ ᠭᠦᠢ᠍ᠴᠡᠳᠬᠡᠯ ᠬᠢᠬᠦ᠎ᠳᠤ ᠲᠣᠭᠣᠷᠢᠤ ᠵᠠᠮ ᠵᠶ᠋ᠠᠷ ᠶᠠᠪᠤᠬᠤ᠎ᠠᠴᠠ ᠵᠠᠶ᠋ᠢᠯᠠᠰᠬᠢᠬᠦ ᠬᠡᠷᠡᠭᠲᠡᠢ᠃ 2022 ᠣᠨ᠎ᠳᠤ᠂ ᠬᠢᠨᠠᠨ ᠵᠥᠪᠰᠢᠶᠡᠷᠡᠵᠦ ᠬᠠᠪᠰᠤᠷᠤᠨ ᠲᠡᠳᠬᠦᠬᠦ ᠵᠢ ᠵᠢᠯᠣᠭᠣᠳᠬᠤ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠵᠢ ᠵᠣᠬᠢᠴᠠᠭᠤᠯᠬᠤ ᠬᠤᠷᠠᠯ᠎ᠢ 13 ᠤᠳᠠᠭ᠎ᠠ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠢᠨᠠᠨ ᠵᠥᠪᠰᠢᠶᠡᠷᠡᠬᠦ ᠵᠢ ᠨᠦᠯᠦᠭᠡᠯᠡᠵᠦ ᠮᠡᠳᠡᠬᠦ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠤ ᠦᠨᠡᠯᠡᠯᠲᠡ᠂ 《ᠵᠥᠪᠰᠢᠶᠡᠷᠡᠯ ᠦᠭᠡᠢ᠎ᠪᠠᠷ ᠤᠷᠢᠳᠠᠪᠠᠷ ᠪᠠᠶ᠋ᠢᠭᠤᠯᠬᠤ》 ᠬᠠᠤᠯᠢ᠎ᠠᠴᠠ ᠵᠥᠷᠢᠴᠡᠭᠰᠡᠨ ᠠᠰᠠᠭᠤᠳᠠᠯ ᠵᠡᠷᠭᠡ᠎ᠳᠤ ᠨᠢᠭᠡᠳ ᠨᠢᠭᠡ᠎ᠪᠠᠷ ᠰᠤᠳᠠᠯ᠎ᠢ᠎ᠨᠢ ᠪᠠᠷᠢᠵᠤ ᠬᠠᠮᠲᠤᠷᠠᠨ ᠣᠨᠣᠰᠢᠯᠠᠵᠤ᠂ ᠵᠣᠬᠢᠴᠠᠩᠭᠤᠢ ᠰᠢᠢ᠍ᠳᠪᠦᠷᠢᠯᠡᠬᠦ ᠠᠷᠭ᠎ᠠ ᠵᠢ ᠳᠤᠷᠠᠳᠪᠠ; 《ᠭᠤᠷᠪᠠᠨ ᠱᠤᠭᠤᠮ ᠨᠢᠭᠡ ᠲᠠᠩᠰᠠ》 ᠵᠢᠨ ᠠᠮᠢ ᠠᠬᠤᠶ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠭᠦᠢ᠍ᠴᠡᠳ ᠬᠡᠷᠡᠭᠯᠡᠨ᠂ ᠠᠮᠢ ᠠᠬᠤᠶ ᠣᠷᠴᠢᠨ ᠲᠣᠭᠣᠷᠢᠨ᠎ᠤ ᠣᠷᠣᠬᠤ ᠵᠥᠪᠰᠢᠶᠡᠷᠡᠯ᠎ᠤᠨ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠲᠥᠰᠦᠯ᠎ᠢ ᠨᠤᠲᠠᠯᠠᠬᠤ᠂ ᠭᠠᠵᠠᠷ ᠰᠣᠩᠭᠣᠬᠤ᠂ ᠱᠤᠭᠤᠮ ᠰᠣᠩᠭᠣᠬᠤ ᠲᠠᠯ᠎ᠠ᠎ᠪᠠᠷ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠪᠤᠪᠠᠰᠤ ᠵᠣᠬᠢᠬᠤ ᠠᠷᠭ᠎ᠠ ᠬᠡᠮᠵᠢᠶ᠎ᠡ ᠵᠢᠨ ᠲᠠᠯ᠎ᠠ᠎ᠪᠠᠷ ᠪᠥᠲᠥᠭᠡᠨ ᠪᠠᠶ᠋ᠢᠭᠤᠯᠬᠤ ᠨᠢᠭᠡᠴᠢ᠎ᠳᠤ ᠰᠢᠯᠢᠳᠡᠭᠵᠢᠭᠦᠯᠬᠦ ᠰᠠᠨᠠᠯ ᠳᠤᠷᠠᠳᠴᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠬᠠᠤᠯᠢ ᠴᠠᠭ᠋ᠠᠵᠠ ᠵᠢᠨ ᠬᠣᠷᠢᠭ᠎ᠠ ᠱᠤᠭᠤᠮ᠎ᠢ ᠬᠦᠨᠳᠡᠬᠦ 《ᠬᠠᠲᠠᠭᠤ ᠰᠢᠷᠬ᠎ᠠ》 ᠭᠠᠷᠬᠤ ᠵᠢ ᠤᠷᠢᠳᠴᠢᠯᠠᠨ ᠰᠡᠷᠭᠡᠶ᠋ᠢᠯᠡᠬᠦ ᠬᠡᠷᠡᠭᠲᠡᠶ᠃ ᠬᠣᠶᠠᠷ᠎ᠲᠤ᠂ ᠲᠤᠰᠬᠠᠶ ᠬᠥᠮᠦᠨ ᠲᠤᠰᠬᠠᠶ ᠠᠩᠭᠢ᠎ᠳᠤ ᠲᠣᠬᠢᠷᠠᠭᠤᠯᠤᠯᠲᠠ ᠬᠢᠵᠦ᠂ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠵᠢᠨ ᠣᠷᠣᠨ ᠲᠣᠭ᠎ᠠ ᠵᠢᠨ ᠬᠤᠷᠳᠤᠴᠠ ᠵᠢ ᠨᠡᠮᠡᠭᠳᠡᠭᠦᠯᠦᠨ᠎ᠡ᠃ ᠲᠤᠰᠬᠠᠶ ᠡᠬᠡ ᠲᠠᠩᠰᠠ ᠪᠠᠶ᠋ᠢᠭᠤᠯᠵᠤ᠂ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠦᠭᠡᠳᠦᠶ ᠪᠥᠲᠥᠭᠡᠨ ᠪᠠᠶ᠋ᠢᠭᠤᠯᠤᠯᠲᠠ ᠵᠢᠨ ᠨᠢᠭᠡᠴᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠡᠬᠢᠯᠡᠭᠦᠯᠦᠭᠡᠳᠦᠶ ᠰᠢᠯᠲᠠᠭ᠋ᠠᠨ᠎ᠢ ᠨᠠᠷᠢᠨ ᠣᠶ᠋ᠢᠯᠠᠭ᠋ᠠᠵᠤ᠂ ᠵᠦᠢ᠍ᠯ ᠳᠠᠷᠠᠭ᠋ᠠᠯᠠᠨ ᠥᠪᠡᠷᠮᠢᠴᠡ ᠮᠠᠶᠢᠭ᠎ᠤᠨ ᠬᠥᠲᠥᠯᠦᠨ ᠵᠢᠯᠣᠭᠣᠳᠬᠤ ᠦᠢ᠍ᠯᠡᠴᠢᠯᠡᠭᠡ ᠬᠠᠩᠭ᠋ᠠᠨ᠎ᠠ; ᠬᠣᠰᠢᠭᠤ ᠲᠤᠭᠤᠷᠢᠭ᠎ᠤᠨ ᠵᠠᠰᠠᠭ᠎ᠤᠨ ᠣᠷᠳᠣᠨ ᠪᠣᠯᠤᠨ ᠬᠣᠰᠢᠭᠤ ᠲᠤᠭᠤᠷᠢᠭ᠎ᠤᠨ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠎ᠲᠠᠢ ᠬᠠᠮᠲᠤᠷᠠᠨ ᠡᠯ᠎ᠡ ᠪᠥᠲᠥᠭᠡᠨ ᠪᠠᠶ᠋ᠢᠭᠤᠯᠤᠯᠲᠠ ᠵᠢᠨ ᠨᠢᠭᠡᠴᠢ ᠵᠢ ᠢᠳᠡᠪᠬᠢᠲᠡᠶ ᠵᠣᠬᠢᠴᠠᠭᠤᠯᠵᠤ ᠪᠠᠶ᠋ᠢᠭ᠋ᠠᠳ ᠣᠷᠴᠢᠨ ᠲᠣᠭᠣᠷᠢᠨ᠎ᠤ ᠦᠨᠡᠯᠡᠯᠲᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠵᠦ᠂ ᠣᠷᠴᠢᠨ ᠲᠣᠭᠣᠷᠢᠨ᠎ᠤ ᠦᠨᠡᠯᠡᠯᠲᠡ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠠᠬᠢᠴᠠ ᠵᠢ ᠬᠦᠴᠦ᠎ᠪᠠᠨ ᠬᠠᠮᠲᠤᠳᠬᠠᠨ ᠠᠬᠢᠭᠤᠯᠤᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠶ ᠰᠢᠭᠤᠶ ᠪᠠ ᠨᠤᠳᠤᠭ ᠪᠡᠯᠴᠢᠭᠡᠷ᠂ ᠤᠰᠤᠨ ᠠᠰᠢᠭᠯᠠᠯᠲᠠ ᠵᠡᠷᠭᠡ ᠬᠢᠨᠠᠨ ᠵᠥᠪᠰᠢᠶᠡᠷᠡᠬᠦ 8 ᠰᠠᠯᠠᠭ᠎ᠠ ᠮᠥᠴᠢᠷ᠎ᠯᠦᠭᠡ ᠴᠢᠬᠤᠯᠠ ᠶᠡᠬᠡ ᠲᠥᠷᠥᠯ ᠵᠦᠢ᠍ᠯ᠎ᠤᠨ ᠲᠥᠪᠯᠡᠷᠡᠭᠦᠯᠦᠨ ᠬᠣᠯᠪᠣᠭ᠋ᠠᠯᠠᠨ ᠬᠥᠳᠡᠯᠦᠯᠴᠡᠬᠦ ᠬᠢᠨᠠᠨ ᠵᠥᠪᠰᠢᠶᠡᠷᠡᠬᠦ ᠳᠤᠭᠤᠶ᠋ᠢᠯᠠᠩ᠎ᠢ ᠪᠦᠷᠢᠯᠳᠦᠭᠦᠯᠵᠦ᠂ ᠡᠯ᠎ᠡ ᠬᠣᠰᠢᠭᠤ ᠲᠣᠭᠣᠷᠢᠭ᠂ ᠬᠦᠷᠢᠶᠡᠯᠡᠩ ᠲᠣᠭᠣᠷᠢᠭ᠎ᠲᠤ ᠭᠦᠨᠵᠡᠭᠡᠶ᠋ᠢᠷᠡᠨ ᠬᠠᠮᠲᠤᠷᠠᠨ ᠬᠢᠨᠠᠨ ᠪᠠᠶ᠋ᠢᠴᠠᠭ᠋ᠠᠵᠤ᠂ ᠠᠵᠤ ᠠᠬᠤᠶ᠋ᠢᠯᠠᠯ᠎ᠳᠤ 《ᠨᠢᠭᠡ ᠦᠷᠳᠡᠭᠡᠯᠢᠭ ᠮᠠᠶᠢᠭ》᠎ᠤᠨ ᠦᠢ᠍ᠯᠡᠴᠢᠯᠡᠭᠡ ᠬᠠᠩᠭ᠋ᠠᠨ᠎ᠠ; ᠬᠥᠨᠳᠡᠯᠡᠨ ᠵᠶ᠋ᠠᠷ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠡᠯ᠎ᠡ ᠲᠥᠷᠥᠯ᠎ᠤᠨ ᠭᠠᠷᠳᠠᠮ᠎ᠢ ᠭᠦᠢ᠍ᠴᠡᠳᠭᠡᠬᠦ ᠬᠥᠳᠡᠯᠦᠯ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠨ᠂ ᠬᠠᠮᠢᠶ᠎ᠠ ᠪᠥᠬᠥᠶ ᠦᠷ᠎ᠡ ᠪᠦᠲᠦᠭᠡᠯ᠎ᠢ ᠵᠢᠯᠣᠭᠣᠳᠤᠨ ᠬᠡᠷᠡᠭᠯᠡᠨ᠎ᠡ᠃ ᠭᠤᠷᠪᠠ᠎ᠳᠤ᠂ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠢᠯᠠᠨ ᠳᠠᠪᠠᠵᠤ᠂ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠢ ᠬᠢᠨᠠᠨ ᠲᠣᠭᠲᠠᠭ᠋ᠠᠬᠤ ᠪᠠ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠬᠠᠶᠠᠭ᠋ᠠᠨ᠎ᠳᠤ᠎ᠨᠢ ᠬᠠᠶᠠᠵᠤ ᠬᠠᠮᠢᠶᠠᠷᠬᠤ ᠦᠭᠡᠢ ᠪᠠᠢ᠌ᠵᠤ ᠪᠤᠯᠬᠤ ᠥᠬᠡᠶ᠃ 40 ᠭᠠᠷᠤᠢ ᠲᠠᠯᠠᠪᠤᠷ ᠸᠢᠳᠢᠣ᠋᠎ᠪᠠᠷ ᠬᠠᠪᠰᠤᠷᠤᠨ ᠲᠡᠳᠬᠦᠬᠦ ᠬᠤᠷᠠᠯ᠎ᠢ ᠬᠤᠷᠠᠯᠳᠤᠭᠤᠯᠵᠤ᠂ ᠠᠵᠤ ᠠᠬᠤᠶ᠋ᠢᠯᠠᠯ ᠪᠣᠯᠤᠨ ᠤᠯᠠᠨ ᠲᠦᠮᠡᠨ᠎ᠤ ᠮᠠᠳᠠᠭ᠎ᠲᠠᠢ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠡᠢ᠃ 《ᠬᠢᠵᠢᠭ᠎ᠤᠨ ᠪᠠᠶ᠋ᠢᠳᠠᠯ》 ᠵᠢᠴᠢ 《ᠬᠤᠵᠢᠭᠤ ᠬᠢᠵᠢᠭ᠎ᠤᠨ ᠪᠠᠶ᠋ᠢᠳᠠᠯ》᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠨᠠᠢ᠌ᠷᠠᠭᠤᠯᠤᠨ ᠵᠤᠬᠢᠶᠠᠬᠤ ᠶᠤᠰᠤᠳᠠᠢ ᠬᠡᠰᠡᠭ ᠨᠢᠭᠡᠴᠢ᠎ᠳᠤ ᠮᠡᠷᠭᠡᠵᠢᠯ᠎ᠤᠨ ᠵᠢᠯᠣᠭᠣᠳᠣᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠠᠬᠤᠢ ᠲᠠᠯᠠᠪᠠᠢ ᠵᠢᠨ ᠸᠢᠳᠢᠤ᠋᠎ᠪᠠᠷ ᠬᠣᠯᠪᠣᠬᠤ᠂ ᠵᠢᠯᠣᠭᠣᠴᠢ ᠥᠬᠡᠶ ᠨᠢᠰᠬᠡᠯ ᠵᠶ᠋ᠠᠷ ᠰᠡᠭᠦᠳᠡᠷᠯᠡᠬᠦ ᠵᠡᠷᠭᠡ ᠠᠷᠭ᠎ᠠ ᠮᠠᠶᠢᠭ᠎ᠢ ᠠᠰᠢᠭᠯᠠᠨ ᠬᠠᠶ᠋ᠢᠨ ᠰᠢᠨᠵᠢᠵᠦ᠂ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠭᠡᠬᠦ᠂ ᠨᠠᠶ᠋ᠢᠳᠠᠨ ᠭᠦᠢ᠍ᠴᠡᠳᠭᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠬᠤᠢ ᠲᠠᠯᠠᠪᠠᠢ ᠵᠢᠨ ᠬᠢᠨᠠᠨ ᠬᠡᠮᠵᠢᠯᠲᠡ ᠬᠢᠨ᠎ᠠ᠃ ᠡᠭᠦᠨ᠎ᠠᠴᠠ ᠭᠠᠳᠠᠨ᠎ᠠ᠂ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢ ᠵᠢᠯᠣᠭᠣᠳᠤᠨ ᠲᠤᠬᠠᠶ ᠵᠢᠨ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠠᠮᠳᠤ᠎ᠪᠠᠷ ᠡᠳ᠋ᠯᠡᠵᠦ᠂ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠪᠢᠴᠢᠭ ᠮᠠᠲᠸᠷᠢᠶᠠᠯ᠎ᠢ ᠨᠠᠢ᠌ᠷᠠᠭᠤᠯᠤᠨ ᠵᠤᠬᠢᠶᠠᠬᠤ᠎ᠳᠤ ᠲᠤᠰᠠᠲᠠᠢ ᠶᠤᠮ᠃ ᠴᠢᠬᠤᠯᠠ ᠶᠡᠬᠡ ᠲᠥᠷᠥᠯ ᠵᠦᠢ᠍ᠯ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠤ ᠡᠬᠢ ᠰᠤᠷᠪᠤᠯᠵᠢ᠂ ᠠᠮᠢᠵᠢᠷᠠᠯ᠎ᠤᠨ ᠬᠦᠴᠦᠨ᠎ᠤ ᠦᠨᠳᠦᠰᠦ ᠮᠥᠨ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠨᠢ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ ᠪᠥᠲᠥᠭᠡᠨ ᠪᠠᠶ᠋ᠢᠭᠤᠯᠬᠤ ᠵᠢᠨ ᠨᠢᠭᠡᠳᠦᠭᠡᠷ ᠪᠣᠭᠣᠮᠲᠠ ᠪᠣᠯᠤᠭᠰᠠᠨ᠎ᠤ ᠬᠤᠪᠢ᠎ᠳᠤ᠂ ᠲᠥᠷᠥᠯ ᠵᠦᠢ᠍ᠯ᠎ᠤᠨ ᠠᠵᠢᠯ᠎ᠢ ᠡᠷᠲᠡ ᠡᠬᠢᠯᠡᠭᠦᠯᠵᠦ᠂ ᠡᠷᠲᠡ ᠦᠷ᠎ᠡ ᠪᠦᠲᠦᠮᠵᠢ ᠤᠯᠬᠤ ᠵᠢᠨ ᠴᠢᠬᠤᠯᠠ ᠪᠠᠲᠤᠯᠠᠭ᠎ᠠ ᠪᠣᠯᠤᠨ᠎ᠠ᠃ ᠮᠠᠨ᠎ᠤ ᠲᠣᠪᠴᠢᠶ᠎ᠠ ᠠᠮᠢ ᠠᠬᠤᠶ ᠣᠷᠴᠢᠨ ᠲᠤᠭᠤᠷᠢᠨ᠎ᠤ ᠴᠢᠨᠠᠷ ᠰᠠᠶ᠋ᠢᠲᠠᠶ ᠬᠠᠮᠠᠭ᠋ᠠᠯᠠᠯᠲᠠ᠎ᠪᠠᠷ ᠮᠠᠨ᠎ᠤ ᠬᠣᠲᠠ ᠵᠢᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠵᠢ ᠪᠠᠷᠢᠮᠲᠠᠯᠠᠵᠤ᠂ ᠠᠮᠢ ᠠᠬᠤᠶ ᠣᠷᠴᠢᠨ ᠲᠤᠭᠤᠷᠢᠨ᠎ᠤ ᠣᠷᠣᠬᠤ ᠵᠥᠪᠰᠢᠶᠡᠷᠡᠯ᠎ᠤᠨ ᠪᠣᠭᠣᠮᠲᠠ ᠵᠢ ᠴᠢᠩᠭ᠎ᠠ ᠰᠠᠬᠢᠵᠤ᠂ ᠴᠢᠬᠤᠯᠠ ᠶᠡᠬᠡ ᠠᠮᠢ ᠠᠬᠤᠶ ᠣᠷᠴᠢᠨ ᠲᠤᠭᠤᠷᠢᠨ᠎ᠤ ᠠᠰᠠᠭᠤᠳᠠᠯ ᠥᠯᠥ ᠭᠠᠷᠬᠤ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠤᠷ᠎ᠠ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠥᠯᠭᠢᠨ ᠠᠬᠢᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠥᠭᠡᠷᠡᠴᠢᠯᠡᠨ ᠰᠢᠯᠢᠳᠡᠭᠵᠢᠭᠦᠯᠵᠦ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠪᠠ᠃
ᠬᠣᠶᠠᠷ᠂ ᠬᠡᠪ᠎ᠤᠨ ᠵᠤᠷᠰᠢᠯ᠎ᠢ ᠡᠪᠳᠡᠵᠦ᠂ 《ᠲᠠᠩ ᠱᠤᠭᠤᠮ᠎ᠤᠨ ᠴᠤᠪᠤᠷᠠᠯ》᠎ᠠᠴᠠ 《ᠤᠯᠠᠨ ᠱᠤᠭᠤᠮ᠎ᠤᠨ ᠴᠤᠪᠤᠷᠠᠯ》 ᠲᠡᠶ᠋ᠢᠰᠢ ᠬᠤᠪᠢᠷᠠᠭᠤᠯᠤᠨ᠎ᠠ᠃ ᠨᠢᠭᠡ᠎ᠳᠤ᠂ ᠣᠷᠴᠢᠨ ᠲᠣᠭᠣᠷᠢᠨ᠎ᠤ ᠦᠨᠡᠯᠡᠯᠲᠡ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠨᠠᠪᠳᠡᠷᠡᠭᠦᠯᠦᠨᠡ᠃ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠴᠢᠬᠤᠯᠠ ᠶᠡᠬᠡ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠲᠡᠷᠡ ᠳᠠᠷᠤᠶᠳᠤᠨᠢ ᠮᠡᠳᠡᠭᠦᠯᠵᠦ ᠲᠡᠷᠡ ᠳᠠᠷᠤᠶᠳᠤᠨᠢ ᠭᠥᠯᠢᠶᠡᠨ ᠠᠪᠴᠤ᠂ ᠬᠠᠤᠯᠢ᠎ᠪᠠᠷ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠵᠥᠪᠰᠢᠶᠡᠷᠡᠬᠦ ᠴᠠᠭ᠎ᠢ ᠤᠯᠠᠮ ᠨᠢᠭᠡ ᠠᠯᠬᠤᠮ ᠪᠣᠭᠣᠨᠢᠰᠬᠠᠵᠤ᠂ ᠮᠡᠳᠡᠭᠦᠯᠦᠯᠲᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠭᠰᠠᠨ ᠴᠢᠬᠤᠯᠠ ᠶᠡᠬᠡ ᠲᠥᠷᠥᠯ ᠵᠦᠢ᠍ᠯ᠎ᠳᠤ 5 ᠠᠵᠢᠯᠯᠠᠬᠤ ᠡᠳᠦᠷ᠎ᠤᠨ ᠬᠢᠨᠠᠨ ᠵᠥᠪᠰᠢᠶᠡᠷᠡᠯ᠎ᠢ ᠢᠯᠡ᠎ᠪᠠᠷ ᠨᠡᠶ᠋ᠢᠲᠡᠯᠡᠬᠦ ᠵᠢ ᠪᠡᠶᠡᠯᠡᠭᠦᠯᠵᠦ᠂ ᠲᠡᠷᠡ ᠳᠠᠷᠤᠶᠳᠤᠨᠢ ᠵᠥᠪᠰᠢᠶᠡᠷᠡᠯ᠎ᠤᠨ ᠪᠢᠴᠢᠭ ᠭᠠᠷᠭ᠋ᠠᠨ᠎ᠠ᠃ ᠤᠷᠠᠨ ᠲᠠᠷᠬᠠᠨ᠎ᠢ ᠲᠥᠬᠥᠮ᠂ ᠣᠷᠴᠢᠨ ᠲᠣᠭᠣᠷᠢᠨ᠎ᠨᠢ ᠨᠥᠬᠥᠷᠰᠡᠭ ᠬᠡᠯᠪᠡᠷᠢ ᠵᠢᠨ ᠴᠢᠬᠤᠯᠠ ᠶᠡᠬᠡ ᠲᠥᠷᠥᠯ ᠵᠦᠢ᠍ᠯ᠎ᠳᠤ᠂ ᠪᠥᠲᠥᠭᠡᠨ ᠪᠠᠶ᠋ᠢᠭᠤᠯᠬᠤ ᠨᠢᠭᠡᠴᠢ᠎ᠨᠢ ᠥᠪᠡᠷ᠎ᠢ᠎ᠪᠠᠨ ᠦᠨᠡᠯᠡᠭᠰᠡᠨ ᠰᠠᠭᠤᠷᠢᠨ ᠳᠡᠭᠡᠷ᠎ᠡ᠂ ᠮᠡᠷᠭᠡᠵᠢᠯ᠎ᠤᠨ ᠬᠢᠨᠠᠨ ᠬᠠᠷᠭᠤᠭᠤᠯᠬᠤ ᠪᠠᠷᠢᠮᠵᠢᠶ᠎ᠠ ᠵᠢ ᠵᠣᠬᠢᠰᠲᠠᠶ᠎ᠪᠠᠷ ᠪᠠᠭᠤᠷᠠᠭᠤᠯᠵᠤ᠂ ᠳᠠᠷᠤᠶ᠋ᠢᠬᠠᠨ ᠮᠡᠳᠡᠭᠦᠯᠪᠡᠯ ᠳᠠᠷᠤᠶ᠋ᠢᠬᠠᠨ ᠭᠥᠯᠢᠶᠡᠨ ᠠᠪᠴᠤ᠂ ᠢᠯᠡ᠎ᠪᠠᠷ ᠨᠡᠶ᠋ᠢᠲᠡᠯᠡᠬᠦ ᠵᠢ ᠪᠡᠶᠡᠯᠡᠭᠦᠯᠪᠡᠯ ᠳᠠᠷᠤᠶ ᠵᠥᠪᠰᠢᠶᠡᠷᠡᠯ᠎ᠤᠨ ᠪᠢᠴᠢᠭ ᠭᠠᠷᠭ᠋ᠠᠨ᠎ᠠ᠃ ᠣᠷᠴᠢᠨ ᠲᠣᠭᠣᠷᠢᠨ᠎ᠤ ᠨᠥᠯᠥᠭᠡᠯᠡᠯ᠎ᠤᠨ ᠬᠢᠨᠠᠨ ᠵᠥᠪᠰᠢᠶᠡᠷᠡᠯ᠎ᠢ ᠭᠦᠢ᠍ᠴᠡᠳᠭᠡᠬᠦ ᠴᠢᠬᠤᠯᠠ ᠥᠬᠡᠶ ᠲᠥᠷᠥᠯ ᠵᠦᠢ᠍ᠯ᠎ᠢ ᠪᠥᠲᠥᠭᠡᠨ ᠪᠠᠶ᠋ᠢᠭᠤᠯᠬᠤ ᠨᠢᠭᠡᠴᠢ᠎ᠳᠤ ᠨᠢᠭᠡ ᠨᠢᠭᠡ᠎ᠪᠠᠷ ᠮᠡᠳᠡᠭᠳᠡᠵᠦ᠂ 《ᠨᠡᠷᠡᠰ᠎ᠤᠨ ᠵᠢᠭᠰᠠᠭ᠋ᠠᠯᠲᠠ᠎ᠠᠴᠠ ᠭᠠᠳᠠᠨ᠎ᠠ ᠬᠢᠨᠠᠨ ᠵᠥᠪᠰᠢᠶᠡᠷᠡᠬᠦ ᠥᠬᠡᠶ》 ᠪᠠᠶ᠋ᠢᠬᠤ ᠵᠠᠷᠴᠢᠮ᠎ᠢ ᠨᠠᠶ᠋ᠢᠳᠠᠪᠤᠷᠢᠵᠢᠭᠤᠯᠤᠨ᠎ᠠ᠃ ᠬᠣᠶᠠᠷ᠎ᠲᠤ᠂ ᠱᠠᠲᠤ ᠬᠤᠪᠢᠶᠠᠨ ᠲᠥᠷᠥᠯ ᠬᠤᠪᠢᠶᠠᠵᠤ ᠬᠢᠨᠠᠨ ᠵᠥᠪᠰᠢᠶᠡᠷᠡᠬᠦ ᠵᠢ ᠬᠡᠷᠡᠭᠵᠢᠭᠦᠯᠦᠨ᠎ᠡ᠃ 2022 ᠣᠨ᠎ᠤ 8 ᠳ᠋ᠤᠭ᠋ᠠᠷ ᠰᠠᠷ᠎ᠠ ᠵᠢᠨ 31᠎ᠤ ᠡᠳᠦᠷ᠂ ᠶᠡᠷᠦᠩᠬᠡᠶ ᠰᠠᠶ᠋ᠢᠳ ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ ᠳᠡᠭᠡᠷ᠎ᠡ 《ᠣᠷᠣᠨ ᠨᠤᠲᠤᠭ᠎ᠤᠨ ᠵᠠᠰᠠᠭ᠎ᠤᠨ ᠣᠷᠳᠣᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠢᠵᠠᠭ᠋ᠠᠷ ᠵᠶ᠋ᠠᠨ ᠦᠨᠳᠦᠰᠦᠯᠡᠨ ᠭᠠᠵᠠᠷ ᠬᠡᠷᠡᠭᠯᠡᠬᠦ᠂ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠡᠷᠭᠡ᠎ᠳᠤ ᠠᠮᠠᠯᠠᠯᠲᠠ ᠬᠢᠵᠦ ᠪᠣᠯᠤᠨ᠎ᠠ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠭᠰᠠᠨᠤ ᠳᠠᠷᠠᠭ᠎ᠠ ᠲᠣᠭᠲᠠᠭ᠋ᠠᠯ ᠶᠣᠰᠣᠭ᠋ᠠᠷ ᠭᠠᠷ ᠭᠦᠢ᠍ᠴᠡᠳᠭᠡᠯ᠎ᠢ ᠨᠥᠬᠥᠵᠦ ᠭᠦᠢ᠍ᠴᠡᠳᠭᠡᠨ᠎ᠡ》 ᠭᠡᠵᠦ ᠳᠤᠷᠠᠳᠤᠨ ᠭᠠᠷᠭ᠋ᠠᠪᠠ᠂ ᠮᠠᠨ᠎ᠤ ᠬᠣᠲᠠ ᠠᠯᠢ ᠡᠷᠲᠡ 2022 ᠣᠨ᠎ᠤ 3 ᠳ᠋ᠤᠭ᠋ᠠᠷ ᠰᠠᠷ᠎ᠠ᠎ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠴᠢᠨᠠᠷ ᠰᠠᠶ᠋ᠢᠲᠠᠶ ᠬᠥᠭᠵᠢᠯᠲᠡ᠎ᠳᠤ ᠨᠡᠶ᠋ᠢᠴᠡᠬᠦ᠂ ᠬᠡᠯᠬᠢᠶᠡᠰᠦ ᠵᠢ ᠤᠷᠲᠤᠳᠬᠠᠬᠤ᠂ ᠬᠡᠯᠬᠢᠶᠡᠰᠦ ᠵᠢ ᠨᠥᠬᠥᠪᠥᠷᠢᠯᠡᠬᠦ᠂ ᠬᠡᠯᠬᠢᠶᠡᠰᠦ ᠵᠢ ᠴᠢᠩᠭ᠋ᠠᠷᠠᠭᠤᠯᠬᠤ᠎ᠳᠤ ᠠᠰᠢᠭᠲᠠᠶ ᠲᠥᠷᠥᠯ ᠵᠦᠢ᠍ᠯ᠎ᠳᠤ ᠠᠵᠢᠯ ᠡᠬᠢᠯᠡᠭᠦᠯᠬᠦ ᠤᠷᠢᠳᠴᠢᠯᠠᠭᠰᠠᠨ ᠵᠥᠪᠰᠢᠶᠡᠷᠡᠯ᠎ᠤᠨ ᠮᠡᠳᠡᠭᠳᠡᠯ ᠣᠯᠭᠣᠪᠠ; ᠤᠷᠢᠳ ᠬᠣᠵᠢᠳ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ 《ᠵᠥᠪᠰᠢᠶᠡᠷᠡᠯ ᠥᠬᠡᠶ᠎ᠪᠠᠷ ᠤᠷᠢᠳᠠᠪᠠᠷ ᠪᠠᠶ᠋ᠢᠭᠤᠯᠬᠤ》 ᠰᠢᠢ᠍ᠳᠭᠡᠯ᠎ᠨᠢ ᠨᠠᠶ᠋ᠢᠳᠠᠪᠤᠷᠢᠵᠢᠭᠤᠯᠤᠭ᠋ᠠᠳᠤᠶ ᠪᠠ ᠬᠣᠯᠪᠣᠭᠳᠠᠯ ᠪᠥᠬᠥᠶ ᠴᠢᠬᠤᠯᠠ ᠨᠥᠬᠥᠴᠡᠯ᠎ᠢ ᠨᠥᠬᠥᠪᠥᠷᠢᠯᠡᠬᠦ ᠴᠢᠬᠤᠯᠠᠲᠠᠶ 12 ᠲᠥᠷᠥᠯ ᠵᠦᠢ᠍ᠯ᠎ᠢ ᠬᠣᠯᠪᠣᠭᠳᠠᠯ ᠪᠥᠬᠥᠶ ᠲᠠᠯ᠎ᠠ ᠵᠢᠨ᠎ᠬᠢᠨ ᠠᠮᠠᠯᠠᠭᠰᠠᠨ᠎ᠤ ᠳᠠᠷᠠᠭ᠎ᠠ᠂ ᠬᠠᠮᠲᠤᠳᠤᠨᠢ ᠭᠦᠢ᠍ᠴᠡᠳᠭᠡᠨ᠎ᠡ; ᠤᠷᠠᠨ ᠲᠠᠷᠬᠠᠨ᠎ᠢ ᠲᠥᠬᠥᠮ᠂ ᠣᠷᠴᠢᠨ ᠲᠤᠭᠤᠷᠢᠨ᠎ᠳᠤ ᠨᠥᠬᠥᠷᠰᠡᠭ ᠬᠡᠯᠪᠡᠷᠢ ᠵᠢᠨ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ᠎ᠤᠨ ᠲᠥᠷᠥᠯ᠎ᠤᠨ 46 ᠲᠥᠷᠥᠯ ᠵᠦᠢ᠍ᠯ᠎ᠳᠤ ᠮᠡᠷᠭᠡᠵᠢᠯ᠎ᠤᠨ ᠦᠨᠡᠯᠡᠨ ᠵᠢᠱ᠌ᠢᠯᠲᠡ ᠵᠢ ᠰᠢᠯᠵᠢᠭᠦᠯᠬᠦ ᠥᠬᠡᠶ ᠪᠠᠶ᠋ᠢᠵᠤ᠂ ᠮᠡᠷᠭᠡᠵᠢᠯ᠎ᠤᠨ ᠬᠢᠨᠠᠨ ᠬᠠᠷᠭᠤᠭᠤᠯᠤᠯᠲᠠ ᠵᠢᠨ ᠪᠠᠷᠢᠮᠵᠢᠶ᠎ᠠ ᠵᠢ ᠵᠣᠬᠢᠬᠤ ᠬᠡᠮᠵᠢᠶ᠎ᠡ᠎ᠪᠠᠷ ᠳᠣᠷᠣᠭᠰᠢᠯᠠᠭᠤᠯᠤᠨ᠎ᠠ᠃ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ 《ᠵᠥᠪᠰᠢᠶᠡᠷᠡᠯ ᠥᠬᠡᠶ᠎ᠪᠠᠷ ᠤᠷᠢᠳᠠᠪᠠᠷ ᠪᠠᠶ᠋ᠢᠭᠤᠯᠬᠤ》 ᠰᠢᠢ᠍ᠳᠭᠡᠯ ᠲᠣᠷᠭ᠋ᠠᠭᠤᠯᠢ ᠵᠢ ᠨᠠᠶ᠋ᠢᠳᠠᠪᠤᠷᠢᠵᠢᠭᠤᠯᠤᠭ᠋ᠠᠳᠤᠶ᠂ ᠬᠠᠮᠢᠶ᠎ᠠ ᠪᠥᠬᠥᠶ ᠴᠢᠬᠤᠯᠠ ᠨᠥᠬᠥᠴᠡᠯ᠎ᠢ ᠨᠥᠬᠥᠪᠥᠷᠢᠯᠡᠬᠦ ᠴᠢᠬᠤᠯᠠᠲᠠᠶ ᠵᠡᠷᠭᠡ ᠠᠰᠠᠭᠤᠳᠠᠯ ᠣᠷᠣᠰᠢᠵᠤ ᠪᠠᠶ᠋ᠢᠭ᠎ᠠ ᠴᠢᠬᠤᠯᠠ ᠶᠡᠬᠡ ᠲᠥᠷᠥᠯ ᠵᠦᠢ᠍ᠯ᠎ᠳᠤ ᠬᠠᠮᠢᠶ᠎ᠠ ᠪᠥᠬᠥᠶ ᠲᠠᠯ᠎ᠠ ᠵᠢᠨ ᠠᠮᠠᠯᠠᠯᠲᠠ ᠵᠢ ᠣᠯᠤᠭᠰᠠᠨ᠎ᠤ ᠳᠠᠷᠠᠭ᠎ᠠ᠂ ᠬᠡᠪ᠎ᠤᠨ ᠴᠤᠪᠤᠷᠠᠯ᠎ᠢ ᠡᠪᠳᠡᠬᠦ ᠵᠢᠨ ᠬᠠᠮᠲᠤ ᠭᠦᠢ᠍ᠴᠡᠳᠭᠡᠬᠦ ᠵᠢ ᠠᠬᠢᠭᠤᠯᠵᠤ᠂ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠪᠦᠲᠦᠮᠵᠢᠲᠡᠶ ᠠᠷᠪᠢᠯᠠᠨ᠎ᠠ᠃ ᠭᠤᠷᠪᠠ᠎ᠳᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠪᠡ᠃ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ ᠴᠢᠬᠤᠯᠠᠲᠠᠶ ᠵᠡᠷᠭᠡ ᠳᠡᠰ᠎ᠤᠨ ᠵᠠᠰᠠᠮᠠᠯ ᠵᠠᠮ᠂ ᠬᠣᠲᠠ ᠵᠢᠨ ᠵᠠᠮ ᠵᠡᠷᠭᠡ ᠴᠢᠬᠤᠯᠠ ᠶᠡᠬᠡ ᠲᠥᠷᠥᠯ ᠵᠦᠢ᠍ᠯ᠎ᠳᠤ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠬᠢᠨᠠᠨ ᠲᠣᠭᠲᠠᠭ᠋ᠠᠵᠤ ᠵᠥᠪᠰᠢᠶᠡᠷᠡᠬᠦ 《ᠪᠤᠭᠤᠳᠠᠯᠯᠠᠬᠤ》 ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠠᠳᠠᠯᠢ ᠨᠢᠭᠡᠨ ᠪᠥᠲᠥᠭᠡᠨ ᠪᠠᠶ᠋ᠢᠭᠤᠯᠤᠯᠲᠠ ᠵᠢᠨ ᠨᠢᠭᠡᠴᠢ ᠵᠢᠨ ᠠᠳᠠᠯᠢ ᠲᠥᠷᠥᠯ ᠬᠡᠯᠪᠡᠷᠢ ᠵᠢᠨ ᠣᠯᠠᠨ ᠲᠥᠷᠥᠯ ᠵᠦᠢ᠍ᠯ᠎ᠳᠤ ᠵᠥᠪᠬᠡᠨ ᠨᠢᠭᠡ ᠬᠤᠪᠢ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠵᠤ ᠪᠣᠯᠤᠨ᠎ᠠ; ᠵᠠᠰᠠᠮᠠᠯ ᠵᠠᠮ᠂ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠵᠡᠷᠭᠡ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠬᠠᠩᠭ᠋ᠠᠯᠭ᠎ᠠ ᠵᠢ ᠪᠠᠲᠤᠯᠠᠬᠤ ᠨᠡᠭᠦᠷᠡᠰᠦᠨ ᠠᠭᠤᠷᠬᠠᠶ ᠵᠢᠨ ᠲᠥᠷᠥᠯ ᠵᠦᠢ᠍ᠯ᠎ᠳᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠣᠬᠢᠷᠲᠤᠯ ᠪᠣᠳᠠᠰ᠎ᠤᠨ ᠶᠡᠷᠦᠩᠬᠡᠶ ᠬᠡᠮᠵᠢᠶ᠎ᠡ ᠵᠢᠨ ᠭᠦᠢ᠍ᠴᠡᠳᠭᠡᠯ ᠲᠣᠭᠠᠯᠤᠭᠠ ᠬᠣᠯᠪᠣᠭᠳᠠᠭᠤᠯᠬᠤ ᠥᠬᠡᠶ᠃
ᠭᠤᠷᠪᠠ᠂ ᠮᠥᠷᠳᠡᠨ ᠦᠢ᠍ᠯᠡᠴᠢᠯᠡᠵᠦ᠂ 《ᠬᠢᠨᠠᠨ ᠵᠥᠪᠰᠢᠶᠡᠷᠡᠬᠦ ᠵᠢ ᠴᠢᠬᠤᠯᠠᠴᠢᠯᠠᠬᠤ》᠎ᠠᠴᠠ 《ᠦᠷ᠎ᠡ ᠪᠦᠲᠦᠮᠵᠢ ᠵᠢ ᠴᠢᠬᠤᠯᠠᠴᠢᠯᠠᠬᠤ》 ᠲᠡᠢ᠌ᠰᠢ ᠬᠤᠪᠢᠷᠠᠭᠤᠯᠤᠨ᠎ᠠ᠃ ᠨᠢᠭᠡ᠎ᠳᠤ᠂ ᠬᠢᠨᠠᠨ ᠵᠥᠪᠰᠢᠶᠡᠷᠡᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠵᠡᠷᠭᠡ᠎ᠪᠠᠷ ᠴᠢᠬᠤᠯᠠᠴᠢᠯᠠᠬᠤ ᠵᠢ ᠦᠨᠡᠨ ᠬᠦ᠌ ᠪᠠᠲᠤᠯᠠᠨ᠎ᠠ᠃ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠭᠰᠠᠨ ᠶᠠᠰᠤ ᠴᠢᠨᠠᠷ ᠵᠶ᠋ᠠᠷ ᠠᠨᠠᠶ᠂ ᠴᠢᠨᠠᠭᠰᠢᠯᠠᠪᠠᠯ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠦᠭᠰᠡᠨ ᠠᠰᠠᠭᠤᠳᠠᠯ᠎ᠳᠤ ᠴᠢᠩᠭ᠎ᠠ ᠴᠣᠬᠢᠯᠲᠠ ᠥᠭᠴᠦ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ ᠵᠶ᠋ᠠᠷ ᠳᠠᠮᠵᠢᠭᠰᠠᠨ ᠦᠭᠡᠢ ᠪᠥᠭᠡᠳ ᠴᠢᠬᠤᠯᠠ ᠶᠡᠬᠡ ᠣᠷᠬᠢᠭᠳᠠᠭᠤᠯᠤᠯ ᠪᠤᠶᠤ ᠪᠠᠷᠢᠮᠵᠢᠶ᠎ᠠ᠎ᠪᠠᠷ ᠪᠤᠷᠤᠭᠤ ᠮᠠᠭ᠋ᠠᠳᠯᠠᠭᠰᠠᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ 10 ᠭᠠᠷᠤᠶ ᠨᠢᠭᠡᠴᠢ᠎ᠲᠠᠢ ᠪᠣᠯᠵᠣᠨ ᠶᠠᠷᠢᠯᠴᠠᠬᠤ ᠪᠤᠶᠤ ᠬᠤᠪᠢ ᠬᠠᠰᠤᠵᠤ ᠰᠢᠢ᠍ᠳᠪᠦᠷᠢᠯᠡᠪᠡ᠃ 《ᠬᠦᠷᠢᠶᠡᠯᠡᠩ᠎ᠳᠤ ᠣᠷᠣᠵᠤ ᠠᠵᠤ ᠠᠬᠤᠶ᠋ᠢᠯᠠᠯ᠎ᠳᠤ ᠲᠤᠰᠠ ᠲᠡᠮ ᠦᠵᠡᠭᠦᠯᠬᠦ ᠬᠠᠪᠤᠷ᠎ᠤᠨ ᠰᠠᠯᠬᠢᠨ ᠬᠦᠷᠭᠡᠬᠦ》 ᠠᠵᠢᠯᠯᠠᠭ᠋ᠠᠨ᠎ᠢ ᠥᠷᠨᠢᠭᠦᠯᠵᠦ᠂ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡᠨ᠎ᠤ ᠪᠣᠭᠣᠳᠠᠯ᠎ᠢ ᠳᠠᠷᠤᠮᠠᠯᠯᠠᠨ ᠦᠢ᠍ᠯᠡᠳᠴᠤ᠂ ᠦᠢ᠍ᠯᠡᠳᠪᠦᠷᠢ ᠠᠭᠤᠷᠬᠠᠶ᠎ᠳᠤ ᠣᠷᠣᠵᠤ᠂ ᠠᠵᠤ ᠠᠬᠤᠶ᠋ᠢᠯᠠᠯ᠎ᠳᠤ ᠣᠷᠣᠵᠤ᠂ ᠴᠢᠬᠤᠯᠠ ᠶᠡᠬᠡ ᠲᠥᠷᠥᠯ ᠵᠦᠢ᠍ᠯ᠎ᠤᠨ ᠠᠬᠤᠢ ᠲᠠᠯᠠᠪᠠᠢ᠎ᠳᠤ ᠭᠦᠨᠵᠡᠭᠡᠶ᠋ᠢᠷᠡᠨ᠂ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠪᠠᠶ᠋ᠢᠴᠠᠭ᠋ᠠᠨ ᠰᠤᠳᠤᠯᠤᠯᠲᠠ ᠬᠢᠵᠦ᠂ ᠲᠥᠷᠥ ᠵᠢᠨ ᠪᠣᠳᠣᠯᠭ᠎ᠠ ᠬᠦᠷᠭᠡᠵᠦ᠂ ᠦᠢ᠍ᠯᠡᠴᠢᠯᠡᠭᠡ ᠬᠦᠷᠭᠡᠵᠡᠢ᠂ ᠨᠢᠭᠡ ᠨᠢᠭᠡ ᠵᠢᠨ ᠬᠠᠷᠠᠭ᠋ᠠᠯᠵᠠᠯ ᠪᠦᠬᠦᠢ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠬᠠᠪᠰᠤᠷᠤᠨ ᠲᠡᠳᠬᠦᠬᠦ ᠦᠢ᠍ᠯᠡᠴᠢᠯᠡᠭᠡ ᠵᠢ ᠬᠠᠩᠭ᠋ᠠᠨ᠎ᠠ᠃ ᠬᠣᠶᠠᠷ᠎ᠲᠤ᠂ ᠴᠢᠬᠤᠯᠠ ᠶᠡᠬᠡ ᠲᠦᠷᠦᠯ ᠵᠦᠢ᠍ᠯ᠎ᠤᠨ ᠪᠠᠷᠢᠯᠭ᠎ᠠ ᠡᠬᠢᠯᠡᠭᠦᠯᠦᠭᠰᠡᠨ᠎ᠤ ᠳᠠᠷᠠᠭ᠋ᠠᠬᠢ ᠬᠠᠮᠢᠶᠠᠷᠤᠯᠲᠠ ᠦᠢ᠍ᠯᠡᠴᠢᠯᠡᠭᠡ ᠵᠢ ᠴᠢᠩᠭ᠋ᠠᠳᠬᠠᠨ᠎ᠠ᠃ ᠴᠢᠬᠤᠯᠠ ᠶᠡᠬᠡ ᠲᠥᠷᠥᠯ ᠵᠦᠢ᠍ᠯ᠎ᠢ ᠡᠬᠢᠯᠡᠭᠦᠯᠬᠦ᠎ᠨᠢ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢᠨ ᠦᠢ᠍ᠯᠡᠴᠢᠯᠡᠭᠡᠨ᠎ᠤ ᠡᠴᠦᠰ᠎ᠤᠨ ᠴᠡᠭ ᠪᠢᠰᠢ᠂ ᠮᠠᠨ᠎ᠤ ᠲᠣᠪᠴᠢᠶ᠎ᠠ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢᠨ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠲᠠᠢ᠌ᠯᠠᠯᠳᠤᠭ᠋ᠠᠨ᠎ᠳᠤ ᠣᠷᠣᠭᠤᠯᠤᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠴᠢᠬᠤᠯᠠ ᠶᠡᠬᠡ ᠲᠦᠷᠦᠯ ᠵᠦᠢ᠍ᠯ᠎ᠤᠨ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠰᠤᠭᠤᠴᠢᠨ ᠪᠠᠶ᠋ᠢᠴᠠᠭ᠋ᠠᠯᠲᠠ ᠬᠢᠵᠦ᠂ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢᠨ ᠴᠣᠬᠣᠯᠠᠪᠤᠷᠢ ᠵᠢᠨ ᠡᠯ᠎ᠡ ᠵᠦᠢ᠍ᠯ᠎ᠤᠨ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠪᠡᠯᠡᠳᠭᠡᠮᠵᠢ᠂ ᠠᠷᠭ᠎ᠠ ᠬᠡᠮᠵᠢᠶ᠎ᠡ ᠵᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠪᠣᠬᠢᠷᠲᠤᠯ ᠪᠣᠳᠠᠰ ᠭᠠᠳᠠᠭᠰᠢᠯᠠᠭᠤᠯᠬᠤ ᠦᠨᠡᠮᠯᠡᠯ ᠲᠡᠭᠡᠷ᠎ᠡ᠎ᠨᠢ ᠲᠤᠳᠤᠷᠬᠠᠢ ᠪᠢᠴᠢᠵᠦ ᠲᠠᠯᠪᠢᠨ᠎ᠠ᠂᠃ 2022 ᠣᠨ᠎ᠤ 8 ᠳ᠋ᠤᠭ᠋ᠠᠷ ᠰᠠᠷ᠎ᠠ᠎ᠳᠤ᠂ ᠮᠠᠨ᠎ᠤ ᠲᠤᠪᠴᠢᠶᠠᠨ᠎ᠤ ᠤᠳᠤᠷᠢᠳᠬᠤ ᠪᠠᠭ᠂ ᠬᠣᠯᠪᠣᠭᠳᠠᠯ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠨᠠᠷ᠎ᠲᠠᠢ ᠬᠠᠮᠳᠤ᠎ᠪᠠᠷ ᠮᠡᠷᠭᠡᠵᠢᠯ᠎ᠤᠨ ᠬᠠᠪᠰᠤᠷᠤᠨ ᠲᠡᠳᠬᠦᠬᠦ ᠠᠩᠬᠢ ᠪᠠᠶ᠋ᠢᠭᠤᠯᠵᠤ᠂ ᠨᠡᠭᠦᠷᠡᠰᠦᠲᠥ᠋ᠷᠥᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠳᠤ ᠭᠦᠨᠵᠡᠭᠡᠶ᠋ᠢᠷᠡᠨ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ᠂ ᠬᠦᠷᠢᠶᠡᠯᠡᠩ ᠲᠣᠭᠣᠷᠢᠭ᠎ᠤᠨ ᠠᠵᠤ ᠠᠬᠤᠶ᠋ᠢᠯᠠᠯ᠎ᠳᠤ ᠨᠢᠭᠡ ᠤᠳᠠᠭ᠎ᠠ ᠵᠢᠨ ᠪᠦᠬᠦ ᠲᠠᠯ᠎ᠠ᠎ᠪᠠᠷ 《ᠰᠤᠳᠠᠯ᠎ᠢ᠎ᠨᠢ ᠪᠠᠷᠢᠵᠤ ᠣᠨᠣᠰᠢᠯᠠᠬᠤ》 ᠠᠵᠢᠯ ᠬᠢᠵᠦ᠂ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢ ᠵᠥᠪᠰᠢᠶᠡᠷᠡᠬᠦ᠂ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠡᠵᠡᠮᠳᠡᠬᠦ᠂ ᠶᠠᠪᠤᠴᠠ ᠵᠢ ᠬᠠᠮᠢᠶᠠᠷᠤᠨ ᠡᠵᠡᠮᠳᠡᠬᠦ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠵᠡᠷᠭᠡ᠎ᠠᠴᠠ ᠪᠦᠬᠦ ᠲᠠᠯ᠎ᠠ᠎ᠪᠠᠷ 《ᠠᠰᠠᠷᠠᠭᠴᠢ ᠮᠠᠶᠢᠭ》᠂ 《ᠳᠡᠯᠭᠡᠭᠦᠷ᠎ᠤᠨ ᠬᠤᠶᠠᠳᠤᠭ᠋ᠠᠷ ᠡᠵᠡᠭᠳᠡᠢ ᠮᠠᠶᠢᠭ》᠎ᠤᠨ ᠦᠢ᠍ᠯᠡᠴᠢᠯᠡᠭᠡ ᠵᠢ ᠥᠷᠨᠢᠭᠦᠯᠵᠦ᠂ ᠬᠦᠷᠢᠶᠡᠯᠡᠩ ᠲᠣᠭᠣᠷᠢᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠪᠠ᠃
ᠪᠠᠭᠴᠠᠯᠠᠭ᠋ᠠᠳ ᠬᠡᠯᠡᠪᠡᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠵᠥᠪᠰᠢᠶᠡᠷᠡᠬᠦ ᠪᠣᠯ 《ᠠᠮᠢ ᠠᠬᠤᠶ ᠵᠢ ᠤᠷᠢᠳ ᠵᠶ᠋ᠠᠷ ᠪᠤᠳᠤᠯᠬᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ》 ᠵᠥᠪᠰᠢᠶᠡᠷᠡᠯ᠎ᠤᠨ ᠴᠢᠬᠤᠯᠠ ᠠᠷᠭ᠎ᠠ ᠬᠡᠮᠵᠢᠶ᠎ᠡ ᠮᠥᠨ᠂ ᠮᠠᠨ᠎ᠤ ᠲᠣᠪᠴᠢᠶ᠎ᠠ᠎ᠨᠢ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠳᠤ ᠦᠷᠭᠦᠯᠵᠢᠯᠡᠨ ᠰᠢᠨ᠎ᠡ ᠵᠢ ᠡᠭᠦᠳᠦᠨ ᠰᠢᠯᠢᠳᠡᠭᠵᠢᠭᠦᠯᠵᠦ᠂ ᠣᠷᠳᠣᠰ ᠬᠣᠲᠠ᠎ᠳᠤ ᠠᠳᠠᠯ ᠦᠢ᠍ᠯᠡᠰ ᠴᠤᠭᠴᠠᠯᠬᠠᠤᠪᠠᠷ ᠤᠷᠤᠵᠤ ᠰᠠᠭᠤᠬᠤ ᠡᠯ᠎ᠡ ᠲᠥᠷᠥᠯ᠎ᠤᠨ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠵᠥᠪᠰᠢᠶᠡᠷᠡᠬᠦ ᠨᠠᠩ ᠰᠢᠯᠢᠳᠡᠭ ᠦᠢ᠍ᠯᠡᠴᠢᠯᠡᠭᠡ ᠬᠠᠩᠭ᠋ᠠᠨ᠎ᠠ᠃