ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
【ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ 】 ᠵᠢᠨ〈ᠬᠤᠭ ᠨᠤᠪᠰᠢ〉 ᠵᠢ ᠠᠷᠢᠯᠭ᠋ᠠᠬᠤ ᠠᠵᠢᠯᠯᠠᠭ᠎ᠠ ᠵᠢ ᠰᠠᠶ᠋ᠢᠲᠤᠷ ᠬᠢᠵᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ
ᠨᠡᠶ᠋ᠢᠲᠡᠯᠡᠭᠰᠡᠨ ᠴᠠᠭ᠄ 2023-03-13

     3 ᠳ᠋ᠤᠭ᠋ᠠᠷ ᠰᠠᠷ᠎ᠠ ᠵᠢᠨ 11᠎ᠤ ᠡᠳᠦᠷ᠂ ᠬᠢᠩᠭ᠋ᠠᠨ ᠠᠶ᠋ᠢᠮᠠᠭ᠎ᠤᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠬᠢᠩᠭ᠋ᠠᠨ ᠠᠶ᠋ᠢᠮᠠᠭ᠎ᠤᠨ ᠰᠢᠶᠠᠩ ᠶᠠᠩ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠯᠠᠭᠤ ᠰᠠᠶ᠋ᠢᠨ ᠳᠤᠷ᠎ᠠ ᠵᠢᠨ ᠠᠵᠢᠯᠯᠠᠭᠴᠢᠳ᠎ᠤᠨ ᠨᠡᠶ᠋ᠢᠭᠡᠮᠯᠢᠭ᠂ ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠲᠠᠢ ᠬᠠᠮᠲᠤᠷᠠᠨ ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠳᠤ ᠬᠦᠷᠴᠦ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠤᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ》 ᠥᠷᠨᠢᠭᠦᠯᠪᠡ᠃

      ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠤ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠤ᠂ ᠪᠠᠭᠰᠢ᠎ᠨᠢ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ᠎ᠲᠤ ᠬᠣᠭ ᠨᠣᠪᠰᠢ ᠵᠢ ᠲᠥᠷᠥᠯ ᠬᠤᠪᠢᠶᠠᠬᠤ ᠤᠬᠠᠭᠳᠠᠬᠤᠨ᠎ᠢ ᠲᠠᠶ᠋ᠢᠯᠪᠤᠷᠢᠯᠠᠨ ᠥᠭᠴᠦ᠂ ᠳᠠᠷᠠᠭ᠎ᠠ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠤ ᠪᠠᠭᠰᠢ ᠨᠠᠷ ᠪᠢᠴᠢᠬᠠᠨ ᠲᠣᠭᠯᠠᠭ᠋ᠠᠮ᠎ᠤᠨ ᠬᠡᠯᠪᠡᠷᠢ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠪᠢᠴᠢᠬᠠᠨ ᠠᠵᠢᠯᠯᠠᠭᠰᠠᠳ᠎ᠢ ᠬᠠᠪᠰᠤᠷᠤᠨ ᠬᠣᠭ ᠨᠣᠪᠰᠢ ᠵᠢ ᠲᠦᠷᠦᠯ ᠬᠤᠪᠢᠶᠠᠬᠤ ᠮᠡᠳᠡᠯᠭᠡ ᠵᠢ ᠪᠦᠬᠦ ᠲᠠᠯ᠎ᠠ᠎ᠪᠠᠷ ᠰᠢᠭᠤᠳ ᠤᠢ᠍ᠢ᠍ᠯᠠᠭ᠋ᠠᠭᠤᠯᠵᠤ᠂ ᠬᠣᠣᠷ᠎ᠲᠠᠢ ᠬᠣᠭ ᠨᠣᠪᠰᠢ᠂ ᠲᠣᠭᠣᠭ᠋ᠠᠨ ᠭᠡᠷ᠎ᠤᠨ ᠬᠣᠭ ᠨᠣᠪᠰᠢ᠂ ᠬᠤᠷᠢᠶᠠᠨ ᠠᠪᠴᠤ ᠪᠣᠯᠬᠤ ᠬᠣᠭ ᠨᠣᠪᠰᠢ ᠪᠣᠯᠤᠨ ᠪᠤᠰᠤᠳ ᠬᠣᠭ ᠨᠣᠪᠰᠢ ᠵᠢ ᠵᠥᠪ ᠣᠨᠣᠪᠴᠢᠲᠠᠢ ᠢᠯᠭ᠋ᠠᠵᠤ᠂ ᠠᠵᠢᠯᠯᠠᠭ᠎ᠠ ᠵᠢᠨ ᠠᠬᠤᠢ ᠲᠠᠯᠠᠪᠠᠢ᠎ᠳᠤ ᠬᠦᠷ ᠬᠥᠭᠵᠢᠶᠡᠨ᠎ᠲᠠᠢ ᠪᠠᠶ᠋ᠢᠯ᠎ᠠ᠃ ᠬᠠᠮᠤᠭ᠎ᠤᠨ ᠰᠡᠭᠦᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠪᠢᠴᠢᠬᠠᠨ ᠠᠵᠢᠯᠯᠠᠭᠰᠠᠳ ᠤᠯᠠᠨ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠭᠠᠷ ᠠᠪᠤᠯᠭ᠎ᠠ ᠵᠢᠨ ᠲᠡᠪᠳᠡᠷ᠎ᠢ ᠲᠠᠷᠬᠠᠭ᠋ᠠᠵᠤ ᠦᠭᠬᠦᠯ᠎ᠡ᠃

      ᠪᠠᠭᠰᠢ ᠨᠠᠷ᠎ᠤᠨ ᠨᠠᠷᠢᠨ ᠨᠢᠮᠪᠠᠶ ᠲᠠᠶ᠋ᠢᠯᠪᠤᠷᠢᠯᠠᠬᠤ᠎ᠪᠠᠷ ᠳᠡᠮᠵᠢᠨ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ ᠬᠣᠭ ᠨᠣᠪᠰᠢ ᠵᠢᠨ ᠰᠠᠪᠠ ᠵᠢᠨ ᠲᠡᠮᠳᠡᠭ᠎ᠤᠳ᠎ᠢ ᠢᠯᠭ᠋ᠠᠨ ᠲᠠᠨᠢᠵᠤ᠂ ᠬᠣᠭ ᠨᠣᠪᠰᠢ ᠵᠢ ᠲᠥᠷᠥᠯ ᠬᠤᠪᠢᠶᠠᠬᠤ ᠠᠷᠭ᠎ᠠ ᠵᠢ ᠲᠥᠬᠥᠮ ᠣᠶ᠋ᠢᠯᠠᠭ᠋ᠠᠵᠤ᠂ ᠡᠯ᠎ᠡ ᠲᠥᠷᠥᠯ᠎ᠤᠨ ᠬᠣᠭ ᠨᠣᠪᠰᠢ ᠵᠢ ᠦᠷᠭᠦᠯᠵᠢᠯᠡᠨ ᠰᠢᠢ᠍ᠳᠪᠦᠷᠢᠯᠡᠬᠦ ᠵᠢ ᠮᠡᠳᠡᠭᠰᠡᠨ ᠪᠠᠶ᠋ᠢᠨ᠎ᠠ᠃ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ᠎ᠤᠨ ᠠᠷᠪᠢᠯᠠᠨ ᠭᠠᠮᠨᠠᠬᠤ ᠪᠠ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠪᠢᠴᠢᠬᠠᠨ ᠠᠵᠢᠯᠯᠠᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠡᠷᠭᠡᠳᠡᠬᠢ ᠵᠢᠵᠢᠭ ᠰᠠᠵᠢᠭ ᠵᠦᠢ᠍ᠯ᠎ᠠᠴᠠ᠎ᠨᠢ ᠡᠬᠢᠯᠡᠨ ᠬᠢᠯᠭᠡᠵᠦ᠂ ᠠᠮᠢᠳᠤᠷᠠᠯ᠎ᠤᠨ ᠬᠣᠭ ᠨᠣᠪᠰᠢ ᠵᠢ ᠤᠬᠠᠮᠰᠠᠷ᠎ᠠᠴᠠ᠎ᠪᠠᠨ᠂ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠬᠤ ᠵᠢ ᠰᠤᠷᠭ᠋ᠠᠵᠠᠢ᠃


ᠢᠷᠡᠯᠲᠡ᠄ ᠰᠢᠶᠠᠩ ᠶᠠᠩ ᠵᠠᠯᠠᠭᠤᠴᠤᠳ᠎ᠤᠨ ᠦᠭᠡᠰ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ 《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠳᠣᠯᠣᠳᠤᠭ᠋ᠠᠷ ᠬᠤᠭᠤᠴᠠᠭ᠋ᠠᠨ᠎ᠤ ᠫᠢᠩᠫᠠᠩ ᠪᠥᠮᠪᠥᠭᠡ ᠵᠢᠨ ᠤᠷᠤᠯᠳᠤᠭ᠋ᠠᠨ᠎ᠳᠤ ᠳᠠᠬᠢᠨᠲᠠ ᠰᠠᠢ᠌ᠨ ᠪᠦᠲᠦᠮᠵᠢ ᠣᠯᠪᠠ
ᠠᠶᠤᠯᠲᠠᠢ ᠬᠠᠶᠠᠭᠳᠠᠮᠠᠯ ᠪᠣᠳᠠᠰ᠎ᠢ ᠨᠢᠭᠡ ᠵᠢᠯ᠎ᠠᠴᠠ ᠬᠡᠲᠦᠷᠡᠲᠡᠯ᠎ᠡ ᠬᠠᠳᠠᠭ᠋ᠠᠯᠠᠬᠤ ᠵᠢ ᠵᠥᠪᠰᠢᠶᠡᠷᠡᠬᠦ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠮᠡᠷᠭᠡᠵᠢᠯ᠎ᠤᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ ᠪᠥᠬᠥ ᠣᠷᠣᠨ᠎ᠤ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠤᠨ ᠵᠠᠳᠠᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠪᠡ
 
             蒙ICP备05000248号