ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠲᠤᠯᠤᠭ᠋ᠠᠨ ᠰᠠᠯᠠᠭ᠎ᠠ ᠮᠥᠴᠢᠷ᠎ᠤᠳ᠎ᠤᠨ ᠬᠠᠮᠲᠤᠷᠠᠨ ᠥᠷᠨᠢᠭᠦᠯᠦᠭᠰᠡᠨ 《ᠨᠣᠭᠣᠭ᠋ᠠᠨ ᠪᠠᠮᠪᠠᠶ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢᠨ ᠲᠧᠯᠸᠢᠰ ᠬᠤᠷᠠᠯ᠎ᠤᠨ ᠵᠣᠷᠢᠭ ᠰᠠᠨᠠᠭ᠎ᠠ ᠵᠢ ᠨᠡᠩ ᠰᠠᠶ᠋ᠢᠲᠤᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠣᠯᠪᠣᠭᠳᠠᠯ ᠪᠦᠬᠦᠢ ᠬᠥᠮᠦᠰ᠎ᠤᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠠᠮᠠᠭ᠋ᠠᠯᠠᠯᠲᠠ ᠵᠢᠨ ᠣᠷᠣᠨ᠎ᠤ 《ᠨᠣᠭᠣᠭ᠋ᠠᠨ ᠪᠠᠮᠪᠠᠶ》 ᠲᠤᠰᠬᠠᠶ ᠠᠵᠢᠯᠯᠠᠭ᠎ᠠ ᠳᠤᠮᠳᠠ ᠲᠣᠬᠢᠶᠠᠯᠳᠤᠭᠰᠠᠨ ᠲᠦᠷᠦ ᠵᠢᠨ ᠪᠤᠳᠤᠯᠭ᠎ᠠ᠂ ᠬᠢᠯᠢ ᠵᠢᠨ ᠵᠠᠭ᠋ᠠᠭ᠎ᠤᠨ ᠬᠢᠨᠠᠯᠲᠠ ᠵᠥᠪᠰᠢᠶᠡᠷᠡᠯ ᠵᠢᠴᠢ ᠠᠯᠤᠰ ᠰᠡᠷᠡᠯ᠎ᠤᠨ ᠬᠢᠨᠠᠨ ᠬᠡᠮᠵᠢᠯᠲᠡ ᠵᠡᠷᠭᠡ ᠠᠰᠠᠭᠤᠳᠠᠯ᠎ᠢ ᠰᠤᠳᠤᠯᠤᠨ ᠶᠠᠷᠢᠯᠴᠠᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ ᠪᠣᠯᠤᠨ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠭᠣᠣᠯᠯᠠᠨ ᠡᠷᠭᠢᠯᠡᠭᠰᠡᠨ ᠪᠥᠬᠥ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠰᠡᠳᠦᠪᠲᠦ ᠶᠠᠷᠢᠯᠴᠠᠬᠤ ᠬᠤᠷᠠᠯ ᠣᠷᠴᠢᠮᠬᠠᠨ ᠬᠥᠬᠡᠬᠣᠲᠠ᠎ᠳᠤ ᠶᠠᠪᠤᠭᠳᠠᠵᠤ᠂ ᠪᠦᠬᠦ ᠤᠯᠤᠰ᠎ᠤᠨ 31 ᠮᠤᠵᠢ ᠬᠣᠲᠠ ᠣᠷᠣᠨ᠎ᠤ 120 ᠭᠠᠷᠤᠶ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠵᠠᠢ᠃ ᠡᠭᠦᠨ᠎ᠳᠤ ᠮᠠᠨ᠎ᠤ ᠣᠷᠣᠨ᠎ᠤ ᠡᠯ᠎ᠡ ᠠᠶ᠋ᠢᠮᠠᠭ ᠬᠣᠲᠠ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠲᠣᠪᠴᠢᠶ᠎ᠠ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶ᠎ᠠ ᠪᠥᠬᠥᠶ 50 ᠰᠢᠬᠠᠮ ᠬᠥᠮᠦᠰ ᠬᠤᠷᠠᠯ᠎ᠳᠤ ᠣᠷᠣᠯᠴᠠᠪᠠ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠬᠠᠮᠲᠤ᠎ᠪᠠᠷ ᠯᠢ ᠭᠠᠨ ᠵᠢᠶᠧ ᠶᠠᠮᠤᠨ᠎ᠤ ᠳᠠᠷᠤᠭ᠎ᠠ ᠵᠢᠨ 3 ᠳ᠋ᠤᠭ᠋ᠠᠷ ᠰᠠᠷ᠎ᠠ ᠵᠢᠨ 27᠎ᠤ ᠡᠳᠦᠷ 《ᠨᠣᠭᠣᠭ᠋ᠠᠨ ᠪᠠᠮᠪᠠᠶ 2018》 ᠪᠠᠶ᠋ᠢᠭ᠋ᠠᠯᠢ ᠵᠢᠨ ᠳᠠᠷᠬᠠᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠪᠠᠶ᠋ᠢᠷᠢᠯᠠᠭᠤᠯᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ ᠢᠯᠡᠳᠬᠡᠯ᠎ᠢ ᠰᠤᠷᠤᠯᠴᠠᠭᠰᠠᠨ ᠪᠥᠭᠡᠳ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠰᠢᠯᠵᠢᠮᠡᠯ ᠬᠢᠨᠠᠨ ᠬᠠᠮᠢᠶᠠᠷᠬᠤ ᠰᠢᠰᠲ᠋ᠧᠮ APP ᠵᠢᠨ 《ᠨᠣᠭᠣᠭ᠋ᠠᠨ ᠪᠠᠮᠪᠠᠶ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠰᠬᠠᠶ ᠠᠵᠢᠯᠯᠠᠭ᠎ᠠ ᠳᠤᠮᠳᠠᠬᠢ ᠬᠡᠷᠡᠭᠯᠡᠯᠲᠡ ᠵᠢᠨ ᠲᠤᠬᠠᠢ ᠰᠠᠨᠠᠯ ᠵᠶ᠋ᠠᠨ ᠰᠣᠯᠢᠯᠴᠠᠬᠤ ᠵᠢᠨ ᠬᠠᠮᠲᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠢᠯᠢ ᠵᠠᠭ᠋ᠠᠭ᠎ᠢ ᠬᠠᠶ᠋ᠢᠨ ᠪᠠᠢ᠌ᠴᠠᠭ᠋ᠠᠵᠤ ᠬᠢᠨᠠᠨ ᠲᠣᠭᠲᠠᠭ᠋ᠠᠬᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠪᠣᠳᠠᠲᠤ ᠭᠠᠵᠠᠷ᠎ᠲᠤ ᠬᠢᠨᠠᠨ ᠪᠠᠶ᠋ᠢᠴᠠᠭ᠋ᠠᠯᠲᠠ ᠬᠢᠬᠦ᠂ ᠪᠥᠲᠥᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠬᠢᠨᠠᠨ ᠵᠥᠪᠰᠢᠶᠡᠷᠡᠬᠦ ᠵᠡᠷᠭᠡ ᠠᠰᠠᠭᠤᠳᠠᠯ᠎ᠢ ᠰᠣᠯᠢᠯᠴᠠᠨ ᠶᠠᠷᠢᠯᠴᠠᠪᠠ᠃ ᠬᠤᠷᠠᠯ᠎ᠠᠴᠠ ᠪᠠᠰᠠ ᠭᠠᠨᠰᠦ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠪᠠ ᠨᠢᠩᠰᠢᠶᠠ ᠵᠢᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠲᠥᠯᠥᠭᠡᠯᠡᠭᠴᠢ ᠵᠢ ᠤᠷᠢᠨ ᠣᠷᠣᠯᠴᠠᠭᠤᠯᠵᠤ᠂ ᠲᠡᠳᠡᠨᠦᠰ 《ᠨᠣᠭᠣᠭ᠋ᠠᠨ ᠪᠠᠮᠪᠠᠶ 2017》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠰᠬᠠᠢ ᠲᠦᠷᠦᠯ᠎ᠤᠨ ᠠᠵᠢᠯᠯᠠᠭ᠎ᠠ ᠵᠢᠨ ᠲᠤᠷᠰᠢᠯᠭ᠎ᠠ ᠪᠠ ᠳᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢᠨ ᠲᠤᠬᠠᠢ ᠣᠯᠠᠨ᠎ᠲᠠᠢ ᠬᠤᠪᠢᠶᠠᠯᠴᠠᠨ ᠣᠢ᠌ᠯᠭ᠋ᠠᠪᠠ᠃
ᠡᠨᠡ ᠤᠳᠠᠭ᠋ᠠᠨ᠎ᠤ ᠬᠤᠷᠠᠯ ᠪᠣᠯ 《ᠨᠣᠭᠣᠭ᠋ᠠᠨ ᠪᠠᠮᠪᠠᠶ 2018》 ᠲᠤᠰᠬᠠᠶ ᠠᠵᠢᠯᠯᠠᠭ᠎ᠠ ᠵᠢᠨ ᠲᠧᠯᠸᠢᠰ ᠬᠤᠷᠠᠯ᠎ᠤᠨ ᠲᠦᠷᠭᠡᠨ ᠴᠤᠤᠷᠢᠶᠠᠲᠤᠯ ᠶᠤᠮ᠃ ᠲᠥᠷᠥ ᠵᠢᠨ ᠪᠣᠳᠣᠯᠭ᠎ᠠ ᠵᠢ ᠤᠩᠰᠢᠨ ᠲᠠᠶ᠋ᠢᠯᠪᠤᠷᠢᠯᠠᠬᠤ᠂ ᠲᠤᠷᠰᠢᠯᠭ᠎ᠠ ᠰᠣᠯᠢᠯᠴᠠᠬᠤ᠂ ᠦᠢ᠍ᠯᠡᠳᠦᠯᠭᠡ ᠬᠡᠷᠡᠭᠯᠡᠯᠲᠡ ᠵᠢ ᠭᠦᠢ᠍ᠴᠡᠳ ᠤᠶᠠᠯᠳᠤᠭᠤᠯᠬᠤ ᠵᠢ ᠪᠡᠶᠡᠯᠡᠭᠦᠯᠵᠦ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠎ᠤᠨ ᠨᠡᠶ᠋ᠢᠳᠡᠮ᠎ᠤᠨ ᠰᠠᠢ᠍ᠢ᠍ᠨ ᠦᠨᠡᠯᠡᠯᠲᠡ ᠵᠢ ᠣᠯᠵᠤ᠂ 《ᠨᠣᠭᠣᠭ᠋ᠠᠨ ᠪᠠᠮᠪᠠᠶ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠥᠷᠨᠢᠭᠦᠯᠬᠦ᠎ᠳᠤ ᠴᠢᠬᠤᠯᠠ ᠮᠡᠷᠭᠡᠵᠢᠯ᠎ᠤᠨ ᠳᠡᠮᠵᠢᠯᠭᠡ ᠬᠠᠩᠭ᠋ᠠᠭᠰᠠᠨ ᠪᠥᠭᠡᠳ ᠮᠠᠨ᠎ᠤ ᠣᠷᠣᠨ᠎ᠤ ᠡᠯ᠎ᠡ ᠠᠶ᠋ᠢᠮᠠᠭ ᠬᠣᠲᠠ ᠵᠢᠨ ᠡᠭᠦᠨ᠎ᠠᠴᠠ ᠬᠣᠢ᠌ᠰᠢᠬᠢ ᠨᠣᠭᠣᠭ᠋ᠠᠨ ᠪᠠᠮᠪᠠᠶ ᠠᠵᠢᠯᠯᠠᠭ᠎ᠠ ᠥᠷᠨᠢᠭᠦᠯᠬᠦ᠎ᠳᠤ ᠲᠤᠶ᠋ᠢᠯ᠎ᠤᠨ ᠰᠠᠶ᠋ᠢᠨ ᠰᠠᠶ᠋ᠢᠬᠠᠨ ᠰᠤᠷᠤᠯᠴᠠᠬᠤ ᠵᠠᠪᠰᠢᠶᠠᠨ ᠬᠠᠩᠭ᠋ᠠᠭᠰᠠᠨ ᠪᠠᠶ᠋ᠢᠨ᠎ᠠ᠃