ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠳᠤᠮᠳᠠᠳᠤ ᠮᠣᠩᠭᠣᠯ ᠤᠷᠤᠰ᠎ᠤᠨ ᠲᠠᠭᠤᠷ ᠣᠯᠠᠨ ᠤᠯᠤᠰ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠭᠰᠠᠨ ᠵᠥᠪᠯᠡᠯ᠎ᠤᠨ ᠳᠣᠯᠣᠳᠤᠭ᠋ᠠᠷ ᠤᠳᠠᠭ᠋ᠠᠨ᠎ᠤ ᠬᠤᠷᠠᠯ ᠣᠷᠣᠰ᠎ᠲᠤ ᠬᠤᠷᠠᠯᠳᠤᠪᠠ
ᠨᠡᠶ᠋ᠢᠲᠡᠯᠡᠭᠰᠡᠨ ᠴᠠᠭ᠄ 2019-10-25

      ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠭᠰᠠᠨ ᠵᠥᠪᠯᠡᠯ᠎ᠤᠨ ᠠᠵᠢᠯ ᠎ᠤᠨ ᠳᠦᠷᠢᠮ ᠵᠢᠴᠢ   ᠵᠢᠷᠭᠤᠳᠤᠭ᠋ᠠᠷ ᠤᠳᠠᠭ᠎ᠠ ᠵᠢᠨ ᠬᠠᠮᠲᠤᠷᠠᠭᠰᠠᠨ ᠵᠥᠪᠯᠡᠯ᠎ᠤᠨ ᠬᠤᠷᠠᠯ᠎ᠤᠨ ᠲᠣᠪᠴᠢ ᠵᠢ ᠦᠨᠳᠦᠰᠦᠯᠡᠵᠦ᠂ 2019 ᠣᠨ᠎ᠤ 10 ᠰᠠᠷ᠎ᠠ ᠵᠢᠨ 9᠎ᠤ ᠡᠳᠦᠷ ᠎ᠠᠴᠠ 11᠎ᠤ ᠡᠳᠦᠷ ᠪᠣᠯᠲᠠᠯ᠎ᠠ ᠣᠷᠣᠰ᠎ᠤᠨ ᠴᠢᠲ᠋ᠠ ᠬᠣᠲᠠ᠎ᠳᠤ ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠭᠰᠠᠨ ᠵᠥᠪᠯᠡᠯ᠎ᠤᠨ ᠳᠣᠯᠣᠳᠤᠭ᠋ᠠᠷ ᠤᠳᠠᠭ᠎ᠠ ᠵᠢᠨ ᠬᠤᠷᠠᠯ᠎ᠢ ᠬᠤᠷᠠᠯᠳᠤᠭᠤᠯᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠵᠤᠷᠭ᠋ᠠᠨ ᠎ᠤ ᠪᠠᠶ ᠴᠧᠩ ᠱᠧᠤ ᠳᠡᠳ᠋ ᠵᠤᠷᠭ᠋ᠠᠨ᠎ᠤ ᠳᠠᠷᠤᠭ᠎ᠠ ᠵᠢᠨ ᠳᠠᠭ᠋ᠠᠭᠤᠯᠤᠭᠰᠠᠨ 7 ᠬᠥᠮᠦᠨ ᠬᠤᠷᠠᠯ᠎ᠳᠤ ᠣᠷᠣᠯᠴᠠᠪᠠ᠃
      ᠬᠤᠷᠠᠯ᠎ᠠᠴᠠ ᠥᠩᠭᠡᠷᠡᠭᠰᠡᠨ 5   ᠵᠢᠯ᠎ᠳᠤ ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠨ ᠥᠷᠨᠢᠭᠦᠯᠦᠭᠰᠡᠨ ᠰᠢᠨᠵᠢᠯᠡᠬᠦ ᠤᠬᠠᠭ᠋ᠠᠨ᠎ᠤ   ᠪᠠᠢ᠌ᠴᠠᠭ᠋ᠠᠯᠳᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠯᠲᠡ᠂ ᠤᠬᠠᠭᠤᠯᠭ᠎ᠠ ᠬᠥᠮᠦᠵᠢᠯ ᠵᠡᠷᠭᠡ ᠠᠵᠢᠯ ᠎ᠤᠨ ᠪᠠᠶ᠋ᠢᠳᠠᠯ᠎ᠢ ᠳ᠋ᠦᠩᠨᠡᠵᠦ᠂ ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ ᠎ᠤᠨ ᠬᠠᠮᠠᠭ᠋ᠠᠯᠠᠯᠲᠠ ᠵᠢᠨ ᠣᠷᠣᠨ᠎ᠤ 2020 — 2024 ᠣᠨ᠎ᠤ ᠬᠠᠮᠲᠤᠷᠠᠯᠴᠠᠭ᠋ᠠᠨ᠎ᠤ ᠲᠥᠯᠥᠪᠵᠢᠭᠦᠯᠪᠡ᠂ ᠬᠠᠮᠲᠤᠷᠠᠭᠰᠠᠨ ᠵᠥᠪᠯᠡᠯ᠎ᠤᠨ ᠳᠣᠯᠣᠳᠤᠭ᠋ᠠᠷ ᠤᠳᠠᠭ᠎ᠠ ᠵᠢᠨ ᠬᠤᠷᠠᠯ᠎ᠤᠨ ᠲᠣᠪᠴᠢ ᠲᠡᠮᠳᠡᠭᠯᠡᠯ  ᠎ᠢ ᠰᠤᠳᠤᠯᠤᠨ ᠶᠠᠷᠢᠯᠴᠠᠬᠤ ᠵᠢᠨ ᠬᠠᠮᠲᠤ ᠭᠠᠷ᠎ᠤᠨ ᠦᠰᠦᠭ ᠵᠢᠷᠤᠪᠠ᠃ ᠬᠤᠷᠠᠯ᠎ᠠᠴᠠ ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ ᠎ᠤᠨ ᠬᠠᠮᠠᠭ᠋ᠠᠯᠠᠯᠲᠠ ᠵᠢᠨ ᠣᠷᠣᠨ   ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠠᠮᠢ ᠠᠬᠤᠢ ᠵᠢᠨ ᠣᠷᠴᠢᠨ ᠲᠣᠭᠣᠷᠢᠨ ᠪᠣᠯᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠬᠠᠮᠲᠤ ᠵᠢᠨ ᠲᠠᠨᠢᠯᠲᠠ᠎ᠲᠠᠢ ᠪᠣᠯᠪᠠ᠃
      ᠳᠤᠮᠳᠠᠳᠤ ᠮᠣᠩᠭᠣᠯ ᠣᠷᠣᠰ᠎ᠤᠨ ᠳᠠᠭᠤᠷ ᠣᠯᠠᠨ ᠤᠯᠤᠰ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠭᠰᠠᠨ ᠵᠥᠪᠯᠡᠯ᠎ᠤᠨ   ᠨᠠᠢ᠍ᠮᠠᠳᠣᠭ᠋ᠠᠷ ᠤᠳᠠᠭ᠋ᠠᠨ᠎ᠤ ᠬᠤᠷᠠᠯ  ᠎ᠨᠢ 2024 ᠣᠨ᠎ᠳᠤ ᠮᠣᠩᠭᠣᠯ ᠤᠯᠤᠰ᠎ᠲᠤ   ᠬᠤᠷᠠᠯᠳᠣᠬᠤ ᠪᠤᠯᠤᠨ᠎ᠠ᠃




ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠤᠳᠠ ᠵᠢᠨ ᠪᠠ ᠤᠯᠠᠭ᠋ᠠᠨᠴᠠᠪ ᠬᠣᠲᠠ ᠵᠢᠨ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠴᠤᠭᠴᠠᠯᠠᠨ ᠪᠠᠶ᠋ᠢᠭᠤᠯᠬᠤ ᠲᠥᠯᠥᠪᠵᠢᠭᠦᠯᠭᠡ᠎ᠨᠢ ᠲᠤᠰᠬᠠᠶ ᠮᠡᠷᠭᠡᠵᠢᠯᠳᠠᠨ᠎ᠤ ᠰᠢᠯᠭ᠋ᠠᠷᠠᠭᠤᠯᠤᠯᠲᠠ᠎ᠳᠤ ᠪᠠᠳᠤᠯᠠᠭᠳᠠᠪᠠ
ᠦᠶᠤᠸᠠᠨ ᠰᠢᠶᠠᠨ᠎ᠤ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠳᠠ ᠮᠥᠩᠭᠥᠨ ᠠᠭᠤᠯᠠ ᠤᠰᠤ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠢ ᠤᠷᠢᠳᠴᠢᠯᠠᠨ ᠬᠢᠨᠠᠵᠤ ᠪᠠᠳᠤᠯᠠᠪᠠ
ᠤᠯᠠᠭ᠋ᠠᠶ ᠬᠠᠮᠢᠶᠠᠷᠤᠯᠲᠠ ᠵᠢᠨ ᠲᠤᠭᠤᠷᠢᠭ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠨᠢ ᠲᠤᠰᠬᠠᠶ ᠮᠡᠷᠭᠡᠵᠢᠯᠳᠠᠨ᠎ᠤ ᠰᠢᠯᠭ᠋ᠠᠷᠠᠭᠤᠯᠤᠯᠳᠠ᠎ᠳᠤ ᠪᠠᠳᠤᠯᠠᠭᠳᠠᠪᠠ
ᠣᠷᠴᠣᠨ᠎ᠤ ᠥᠪᠡᠷᠲᠡᠭᠡᠨ ᠵᠠᠰᠠᠬᠤ ᠬᠤᠰᠢᠭᠤᠨ᠎ᠤ ᠪᠠ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ᠎ᠨᠢ ᠲᠤᠰᠬᠠᠶ ᠮᠡᠷᠭᠡᠵᠢᠯᠳᠠᠨ᠎ᠤ ᠰᠢᠯᠭ᠋ᠠᠷᠠᠭᠤᠯᠤᠯᠲᠠ᠎ᠳᠤ ᠪᠠᠳᠤᠯᠠᠭᠳᠠᠪᠠ
ᠵᠡᠭᠦᠨᠭ᠋ᠠᠷ ᠬᠣᠰᠢᠭᠤᠨ᠎ᠤ ᠵᠡᠭᠦᠨᠭ᠋ᠠᠷ ᠡᠨᠧᠷᠭᠢ ᠵᠢᠨ ᠠᠭᠤᠷᠬᠠᠶ ᠵᠢᠨ ᠲᠤᠭᠤᠷᠢᠭ᠎ᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠳᠠ ᠮᠥᠩᠭᠥᠨ ᠠᠭᠤᠯᠠ ᠤᠰᠤ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠢ ᠤᠷᠢᠳᠴᠢᠯᠠᠨ ᠬᠢᠨᠠᠵᠤ ᠪᠠᠲᠤᠯᠠᠪᠠ
 
             蒙ICP备05000248号