ᠲᠦᠷᠦᠭᠦᠬᠡᠨ᠂ ᠠᠮᠢ ᠠᠬᠤᠢ ᠤᠷᠴᠢᠨ ᠲᠤᠭᠤᠷᠢᠨᠤ ᠲᠢᠩᠬᠢᠮ ᠬᠣᠯᠪᠣᠭᠳᠠᠯ ᠪᠥᠬᠥᠶ ᠲᠤᠰᠬᠠᠶ ᠮᠡᠷᠭᠡᠵᠢᠯᠳᠠᠨᠢ ᠵᠣᠬᠢᠶᠠᠨ ᠪᠠᠶ᠋ᠢᠭᠤᠯᠵᠤ᠂ 《ᠤᠯᠠᠭ᠋ᠠᠶ ᠬᠠᠮᠢᠶᠠᠷᠤᠯᠲᠠ ᠵᠢᠨ ᠲᠤᠭᠤᠷᠢᠭᠤᠨ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠬᠢᠨᠠᠨ ᠲᠤᠭᠳᠠᠭ᠋ᠠᠵᠤ ᠨᠤᠳᠠᠯᠠᠪᠠ᠃ ᠲᠤᠰᠬᠠᠶ ᠮᠡᠷᠭᠡᠵᠢᠯᠲᠡᠨ ᠵᠶ᠋ᠠᠷ ᠬᠢᠨᠠᠨ ᠲᠣᠭᠲᠠᠭ᠋ᠠᠯᠭ᠋ᠠᠵᠤ ᠨᠤᠲᠠᠯᠠᠭᠤᠯᠤᠭᠰᠠᠨᠤ ᠳᠠᠷᠠᠭ᠋ᠠᠬᠢ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠲᠥᠯᠥᠪᠵᠢᠭᠦᠯᠭᠡᠳᠤ ᠵᠠᠰᠠᠪᠤᠷᠢ ᠤᠷᠤᠭᠤᠯᠤᠨ ᠪᠦᠷᠢᠨᠰᠢᠭᠦᠯᠵᠦ᠂ ᠣᠷᠣᠨ ᠨᠤᠲᠤᠭᠤᠨ ᠠᠷᠠᠳᠤᠨ ᠵᠠᠰᠠᠭᠤᠨ ᠣᠷᠳᠣᠨᠠᠴᠠ ᠨᠡᠶ᠋ᠢᠲᠡᠯᠡᠨ ᠬᠡᠷᠡᠭᠵᠢᠭᠦᠯᠬᠦ ᠪᠣᠯ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠦᠨ ᠴᠤᠭᠴᠠᠯᠠᠨ ᠪᠠᠶ᠋ᠢᠭᠤᠯᠬᠤ ᠠᠵᠢᠯᠢ ᠥᠷᠨᠢᠭᠦᠯᠬᠦ ᠵᠢᠨ ᠴᠢᠬᠤᠯᠠ ᠭᠣᠭᠴᠣᠭ᠎ᠠ ᠪᠠ ᠴᠢᠬᠤᠯᠠ ᠪᠥᠬᠥᠶ ᠠᠯᠬᠤᠮ ᠲᠠᠷᠠᠭ᠋ᠠᠯᠠᠯ ᠪᠣᠯᠤᠨ᠎ᠠ᠃
ᠣᠲᠣ ᠪᠣᠯᠲᠠᠯ᠎ᠠ᠂ ᠮᠠᠨᠤ ᠣᠷᠣᠨᠳᠤ ᠨᠢᠭᠡᠨᠲᠡ ᠬᠢᠩᠭ᠋ᠠᠨ ᠠᠶ᠋ᠢᠮᠠᠭ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠂ ᠬᠥᠯᠥᠨ ᠪᠣᠶ᠋ᠢᠷ ᠬᠣᠲᠠ ᠵᠢᠨ ᠭᠡᠭᠡᠨ ᠭᠣᠤᠯ ᠬᠣᠲᠠ᠂ ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ ᠵᠡᠷᠭᠡ 7 ᠠᠶ᠋ᠢᠮᠠᠭ ᠬᠣᠲᠠ ᠵᠢᠴᠢ ᠬᠣᠰᠢᠭᠤ ᠰᠢᠶᠠᠨ ᠬᠣᠲᠠ ᠲᠣᠭᠣᠷᠢᠭᠨᠢ ᠤᠯᠤᠰᠤᠨ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠶ᠋ᠠᠷ ᠨᠡᠷᠡᠢ᠌ᠳᠦᠭᠳᠡᠪᠡ᠃