5 ᠳ᠋ᠤᠭ᠋ᠠᠷ ᠰᠠᠷᠠ ᠵᠢᠨ 26ᠤ ᠡᠳᠦᠷ᠂ ᠠᠮᠢ ᠠᠬᠤᠢ ᠤᠷᠴᠢᠨ ᠲᠤᠭᠤᠷᠢᠨᠤ ᠲᠢᠩᠬᠢᠮ ᠬᠣᠯᠪᠣᠭᠳᠠᠯ ᠪᠥᠬᠥᠶ ᠲᠤᠰᠬᠠᠶ ᠮᠡᠷᠭᠡᠵᠢᠯᠳᠠᠨᠢ ᠵᠣᠬᠢᠶᠠᠨ ᠪᠠᠶ᠋ᠢᠭᠤᠯᠵᠤ᠂ 《ᠵᠡᠭᠦᠨᠭ᠋ᠠᠷ ᠬᠣᠰᠢᠭᠤᠨᠤ ᠵᠡᠭᠦᠨᠭ᠋ᠠᠷ ᠡᠨᠧᠷᠭᠢ ᠵᠢᠨ ᠠᠭᠤᠷᠬᠠᠶ ᠵᠢᠨ ᠲᠤᠭᠤᠷᠢᠭᠤᠨ 〈ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠳᠠ ᠮᠥᠩᠭᠥᠨ ᠠᠭᠤᠯᠠ ᠤᠰᠤ ᠮᠥᠨ〉 ᠦᠢ᠍ᠯᠡᠳᠦᠯᠭᠡ ᠵᠢᠨ ᠰᠢᠨᠡ ᠵᠢ ᠡᠭᠦᠳᠬᠦ ᠰᠠᠭᠤᠷᠢᠨ ᠭᠠᠵᠠᠷᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ》ᠢ ᠤᠷᠢᠳᠴᠢᠯᠠᠨ ᠬᠢᠨᠠᠪᠠ᠃
ᠣᠳᠣ ᠪᠣᠯᠲᠠᠯᠠ᠂ ᠮᠠᠨᠤ ᠣᠷᠣᠨᠳᠤ ᠬᠠᠩᠭᠢᠨ ᠬᠣᠰᠢᠭᠤᠨᠤ ᠬᠥᠪᠴᠢ ᠵᠢᠨ ᠡᠯᠡᠰᠦ ᠮᠠᠩᠬᠠ ᠵᠢᠨ ᠢ ᠯᠢ ᠠᠮᠢ ᠠᠬᠤᠢ ᠵᠢᠨ ᠵᠢᠱ᠌ᠢᠶᠡ ᠦᠵᠡᠭᠦᠯᠬᠦ ᠣᠷᠣᠨ ᠲᠤᠭᠤᠷᠢᠭ᠂ ᠷᠠᠰᠢᠶᠠᠨ ᠬᠤᠳᠠ᠂ ᠪᠠᠶᠠᠨᠨᠠᠭᠤᠷ ᠬᠤᠳᠠ ᠵᠢᠨ ᠤᠯᠠᠭ᠋ᠠᠨᠪᠤᠬᠠ ᠵᠢᠨ ᠡᠯᠡᠰᠦ ᠮᠠᠩᠬᠠ ᠵᠢ ᠴᠡᠭᠴᠯᠡᠨ ᠵᠠᠰᠠᠬᠤ ᠲᠤᠭᠤᠷᠢᠭ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠵᠡᠷᠭᠡ 4 ᠭᠠᠵᠠᠷ ᠣᠷᠣᠨᠨᠢ ᠤᠯᠤᠰᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠳᠠ ᠮᠥᠩᠭᠥᠨ ᠠᠭᠤᠯᠠ ᠤᠰᠤ ᠮᠥᠨ》 ᠭᠡᠬᠦ ᠦᠢ᠍ᠯᠡᠳᠦᠯᠭᠡ ᠵᠢᠨ ᠰᠢᠨᠡ ᠵᠢ ᠡᠭᠦᠳᠬᠦ ᠰᠠᠭᠤᠷᠢᠨ ᠭᠠᠵᠠᠷ ᠵᠶ᠋ᠠᠷ ᠨᠡᠷᠡᠢ᠌ᠳᠦᠭᠳᠡᠵᠦ᠂ ᠦᠶᠤᠸᠠᠨ ᠰᠢᠶᠠᠨ᠂ ᠵᠡᠭᠦᠨᠭ᠋ᠠᠷ ᠬᠣᠰᠢᠭᠤᠨᠤ ᠵᠡᠭᠦᠨᠭ᠋ᠠᠷ ᠡᠨᠧᠷᠭᠢ ᠵᠢᠨ ᠠᠭᠤᠷᠬᠠᠢ ᠵᠢᠨ ᠲᠤᠭᠤᠷᠢᠭ ᠵᠡᠷᠭᠡ ᠭᠠᠵᠠᠷ ᠣᠷᠣᠨᠳᠤ 《ᠠᠯᠳᠠ ᠮᠦᠩᠬᠦᠨ ᠠᠭᠤᠯᠠ ᠤᠰᠤ》 ᠵᠢᠨ ᠦᠢ᠍ᠯᠡᠳᠦᠯᠭᠡ ᠵᠢᠨ ᠰᠢᠨᠡ ᠵᠢ ᠡᠭᠦᠳᠬᠦ ᠰᠠᠭᠤᠷᠢᠨ ᠭᠠᠵᠠᠷᠢ ᠴᠤᠭᠴᠠᠯᠠᠨ ᠪᠠᠢ᠌ᠭᠤᠯᠬᠤᠪᠠᠷ ᠰᠢᠨᠡᠪᠠᠷ ᠦᠷᠨᠢᠭᠦᠯᠵᠦ ᠪᠠᠶ᠋ᠢᠨᠠ᠃