ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠨᠤᠲᠤᠭ ᠪᠡᠯᠴᠢᠭᠡᠷ ᠰᠢᠭᠤᠢ᠌ᠳᠤ ᠭᠠᠵᠠᠷ᠎ᠢ ᠪᠣᠬᠢᠷᠲᠤᠭᠤᠯᠤᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠰᠤᠳᠤᠯᠤᠨ ᠮᠠᠭ᠋ᠠᠳᠯᠠᠬᠤ ᠠᠵᠢᠯ᠎ᠢ ᠲᠦᠷᠦᠭᠦᠯᠡᠨ ᠦᠷᠨᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2021-07-29

      ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ ᠰᠢᠭᠤᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 《ᠨᠤᠲᠤᠭ ᠪᠡᠯᠴᠢᠭᠡᠷ ᠰᠢᠭᠤᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ 2021 ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠳᠤᠭ ᠪᠡᠯᠴᠢᠭᠡᠷ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠡᠷᠭᠡ ᠪᠦᠷᠢᠯᠳᠦᠬᠦᠨ ᠨᠢᠭᠡᠴᠢ ᠵᠢ ᠵᠣᠬᠢᠶᠠᠨ ᠪᠠᠶ᠋ᠢᠭᠤᠯᠵᠤ᠂ ᠪᠥᠬᠥ ᠣᠷᠣᠨ᠎ᠤ ᠨᠤᠲᠤᠭ ᠪᠡᠯᠴᠢᠭᠡᠷ ᠰᠢᠭᠤᠢ᠌ᠳᠤ ᠭᠠᠵᠠᠷ᠎ᠢ ᠪᠣᠬᠢᠷᠲᠤᠭᠤᠯᠬᠤ᠎ᠳᠤ ᠬᠣᠯᠪᠣᠭᠳᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠲᠥᠪᠯᠡᠷᠡᠭᠦᠯᠦᠨ ᠰᠤᠳᠤᠯᠤᠨ ᠮᠠᠭ᠋ᠠᠳᠯᠠᠪᠠ᠃
      ᠡᠯ᠎ᠡ ᠪᠦᠷᠢᠯᠳᠦᠬᠦᠨ ᠨᠢᠭᠡᠴᠢ ᠵᠢᠨ ᠪᠠᠶ᠋ᠢᠭ᠎ᠠ ᠰᠠᠯᠠᠭ᠎ᠠ ᠮᠥᠴᠢᠷ᠎ᠤᠨ ᠵᠶ᠋ᠠᠨ ᠡᠭᠦᠷᠭᠡᠯᠡᠵᠦ ᠪᠠᠶ᠋ᠢᠭ᠎ᠠ ᠠᠵᠢᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ ᠰᠢᠭᠤᠶ᠋ᠢᠲᠤ ᠭᠠᠵᠠᠷ᠎ᠢ ᠡᠪᠳᠡᠭᠰᠡᠨ ᠬᠠᠤᠯᠢ ᠲᠤᠭᠳᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯᠯᠠᠭ᠎ᠠ ᠵᠢᠨ ᠰᠢᠢ᠍ᠳᠪᠦᠷᠢᠳᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠡᠭᠦᠳᠡᠨ᠎ᠠᠴᠠ᠂ ᠠᠮᠢ ᠠᠬᠤᠶ ᠣᠷᠴᠢᠨ   ᠲᠤᠭᠤᠷᠢᠨ᠎ᠤ ᠰᠢᠰᠲ᠋ᠧᠮ᠎ᠤᠨ ᠴᠡᠭᠴᠡᠯᠡᠨ ᠰᠠᠢ᠌ᠵᠢᠷᠠᠭᠤᠯᠬᠤ 《ᠠᠰᠠᠭᠤᠳᠠᠯ᠎ᠤᠨ ᠡᠬᠡ ᠲᠠᠩᠰᠠ》᠎ᠳᠤ ᠣᠷᠣᠭᠤᠯᠤᠭᠰᠠᠨ 11 ᠵᠦᠢ᠍ᠯ᠎ᠤᠨ ᠠᠰᠠᠭᠤᠳᠠᠯ᠎ᠳᠤ ᠬᠠᠨᠳᠤᠭᠤᠯᠵᠤ᠂ 《ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ》 ᠪᠠ 《ᠬᠠᠤᠯᠢ ᠲᠣᠭᠲᠠᠭ᠋ᠠᠯ ᠶᠣᠰᠣᠭ᠋ᠠᠷ᠂ ᠦᠨᠡᠨ᠎ᠠᠴᠠ ᠵᠥᠪ᠎ᠢ ᠡᠷᠢᠬᠦ᠂ ᠲᠡᠤᠬᠡ ᠵᠢ ᠬᠦᠨᠳᠦᠳᠬᠡᠬᠦ᠂ ᠣᠳᠣᠬᠢ ᠪᠠᠶ᠋ᠢᠳᠠᠯ᠎ᠢ ᠪᠣᠳᠣᠯᠬᠢᠯᠠᠬᠤ᠂ ᠯᠠᠪᠳᠠᠭᠤᠨ ᠵᠶ᠋ᠠᠷ ᠰᠢᠢ᠍ᠳᠪᠦᠷᠢᠯᠡᠬᠦ》 ᠵᠠᠷᠴᠢᠮ ᠶᠣᠰᠣᠭ᠋ᠠᠷ᠂ ᠬᠢᠨᠠᠮᠠᠭ᠋ᠠᠶ ᠦᠨᠡᠯᠡᠨ ᠶᠠᠷᠢᠯᠴᠠᠵᠤ ᠰᠤᠳᠤᠯᠤᠨ ᠮᠠᠭ᠋ᠠᠳᠯᠠᠵᠤ᠂ ᠮᠠᠨ᠎ᠤ ᠲᠢᠩᠬᠢᠮ᠎ᠤᠨ ᠳᠤᠷᠠᠳᠤᠭᠰᠠᠨ ᠴᠡᠭᠴᠡᠯᠡᠨ ᠵᠠᠰᠠᠬᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠰᠠᠨᠠᠯ ᠨᠢᠭᠡᠲᠡᠶ ᠵᠥᠪᠰᠢᠶᠡᠷᠡᠪᠡ᠃
      ᠳᠡᠭᠡᠷ᠎ᠡ ᠳᠤᠷᠠᠳᠤᠭᠰᠠᠨ ᠠᠰᠠᠭᠤᠳᠠᠯ ᠪᠣᠯ ᠡᠯ᠎ᠡ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ 2010 ᠣᠨ᠎ᠠᠴᠠ 2020 ᠣᠨ ᠪᠣᠯᠲᠠᠯᠠᠬᠢ ᠬᠤᠭᠤᠴᠠᠭ᠋ᠠᠨ᠎ᠳᠤ ᠡᠮᠬᠢᠯᠡᠨ ᠨᠡᠢ᠌ᠯᠡᠭᠦᠯᠦᠭᠰᠡᠨ ᠨᠤᠲᠤᠭ ᠪᠡᠯᠴᠢᠭᠡᠷ ᠰᠢᠭᠤᠢ᠌ᠳᠤ ᠭᠠᠵᠠᠷ᠎ᠢ ᠪᠣᠬᠢᠷᠲᠤᠭᠤᠯᠬᠤ᠎ᠳᠤ ᠬᠣᠯᠪᠣᠭᠳᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠯ᠎ᠡ ᠲᠥᠷᠥᠯ᠎ᠤᠨ 40 ᠬᠡᠷᠡᠭ᠎ᠠᠴᠠ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠵᠤ ᠪᠠᠶ᠋ᠢᠭ᠋ᠠᠳ ᠴᠡᠭᠴᠡᠯᠡᠨ ᠵᠠᠰᠠᠬᠤ ᠠᠵᠢᠯ᠎ᠢ ᠬᠠᠮᠲᠤ᠎ᠪᠠᠷ ᠠᠬᠢᠭᠤᠯᠬᠤ ᠴᠢᠬᠤᠯᠠᠲᠠᠶ ᠪᠠᠶ᠋ᠢᠬᠤ ᠵᠢ ᠵᠢᠭᠰᠠᠭ᠋ᠠᠨ ᠪᠠᠶ᠋ᠢᠴᠠᠭ᠋ᠠᠵᠤ ᠭᠠᠷᠭ᠋ᠠᠭᠰᠠᠨ ᠪᠥᠭᠡᠳ ᠦᠯᠡᠳᠡᠭᠰᠡᠨ 25 ᠬᠡᠷᠡᠭ᠎ᠢ᠎ᠨᠢ ᠨᠢᠭᠡᠨᠲᠡ ᠪᠠᠶ᠋ᠢᠴᠠᠭ᠋ᠠᠨ ᠰᠢᠢ᠍ᠳᠪᠦᠷᠢᠯᠡᠵᠦ ᠪᠣᠳᠠᠲᠠᠶ᠋ᠢᠵᠢᠭᠤᠯᠪᠠ᠂ ᠡᠭᠦᠨ᠎ᠤ ᠳᠣᠲᠣᠷᠠᠬᠢ 4 ᠬᠡᠷᠡᠭ᠎ᠢ᠎ᠨᠢ ᠬᠢᠷᠢ ᠬᠡᠮ᠎ᠲᠠᠢ ᠪᠠᠶ᠋ᠢᠭᠤᠯᠤᠮᠵᠢ᠎ᠳᠤ ᠨᠢᠭᠡᠨᠲᠡ ᠨᠠᠢ᠌ᠳᠠᠨ ᠠᠮᠢ ᠠᠬᠤᠶ ᠵᠢᠨ ᠪᠣᠬᠢᠷᠲᠤᠯ᠎ᠤᠨ ᠬᠣᠬᠢᠷᠠᠯ ᠤᠴᠠᠷᠠᠭᠤᠯᠤᠭᠰᠠᠨ ᠡᠰᠡᠬᠦ᠎ᠳᠤ ᠬᠢᠨᠠᠨ ᠲᠣᠭᠲᠠᠭ᠋ᠠᠯᠲᠠ ᠬᠢᠯᠭᠡᠵᠡᠶ᠃
      ᠬᠤᠷᠠᠯ᠎ᠤᠨ ᠳᠠᠷᠠᠭ᠎ᠠ᠂ ᠬᠤᠷᠠᠯ᠎ᠳᠤ ᠣᠷᠣᠯᠴᠠᠭᠰᠠᠨ ᠨᠢᠭᠡᠴᠢ᠎ᠠᠴᠠ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠡᠬᠡ ᠲᠠᠩᠰᠠ ᠵᠢ ᠡᠮᠬᠢᠯᠡᠨ ᠳᠢᠭᠯᠡᠬᠦ ᠠᠵᠢᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠬᠢᠨᠠᠮᠠᠭ᠋ᠠᠶ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠢᠮᠪᠠᠶ ᠬᠡᠷᠡᠭᠵᠢᠭᠦᠯᠬᠦ᠎ᠪᠠᠷ ᠲᠥᠯᠥᠪᠯᠡᠵᠦ ᠪᠠᠶ᠋ᠢᠭ᠎ᠠ ᠠᠷᠭ᠎ᠠ ᠬᠡᠮᠵᠢᠶ᠎ᠡ᠎ᠨᠢ ᠦᠨᠡᠨ ᠬᠦ᠌ ᠶᠠᠪᠤᠭᠳᠠᠭᠤᠰᠢᠲᠠᠶ ᠪᠠᠶ᠋ᠢᠵᠤ᠂ ᠬᠠᠤᠯᠢ ᠵᠢ ᠴᠢᠩᠭ᠎ᠠ ᠬᠡᠷᠡᠭᠵᠢᠭᠦᠯᠬᠦ ᠪᠠ ᠠᠮᠢ ᠠᠬᠤᠶ ᠵᠢ ᠠᠷᠠᠳ᠎ᠤᠨ ᠲᠥᠯᠥᠭᠡ ᠪᠠᠶ᠋ᠢᠯᠭ᠋ᠠᠬᠤ ᠡᠷᠬᠢᠮ ᠳᠡᠭᠡᠳᠦ ᠵᠣᠷᠢᠭ ᠰᠠᠨᠠᠭ᠎ᠠ ᠵᠢ ᠢᠯᠡᠷᠡᠭᠦᠯᠪᠡ ᠭᠡᠵᠦ ᠰᠠᠨᠠᠯ ᠨᠢᠭᠡᠲᠡᠶ ᠦᠵᠡᠵᠡᠭᠡᠪᠡ᠃ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠲᠣᠷᠭ᠋ᠠᠵᠤ ᠰᠢᠢ᠍ᠳᠪᠦᠷᠢᠯᠡᠭᠰᠡᠨ ᠦᠷ᠎ᠡ ᠳ᠋ᠦᠩ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠰᠠᠭᠤᠳᠠᠯ᠎ᠤᠨ ᠬᠥᠮᠥᠷᠭᠡ ᠵᠢ ᠴᠡᠪᠡᠷᠯᠡᠵᠦ ᠠᠷᠢᠯᠭ᠋ᠠᠬᠤ ᠵᠢ ᠦᠨᠡᠨ ᠬᠦ᠌ ᠪᠠᠲᠤᠯᠠᠬᠤ᠎ᠳᠤ ᠰᠠᠶ᠋ᠢᠨ ᠰᠠᠭᠤᠷᠢ ᠲᠠᠯᠪᠢᠵᠤ ᠥᠭᠭᠦᠭᠰᠡᠨ ᠪᠥᠭᠡᠳ ᠪᠤᠰᠤᠳ ᠪᠦᠷᠢᠯᠳᠦᠬᠦᠨ ᠨᠢᠭᠡᠴᠢ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠬᠦᠴᠦ᠎ᠪᠠᠨ ᠬᠠᠮᠲᠤᠳᠬᠠᠨ ᠠᠬᠢᠭᠤᠯᠬᠤ᠎ᠳᠤ ᠲᠠᠭᠤᠷᠢᠶᠠᠯ ᠪᠣᠯᠬᠤ ᠰᠤᠷᠤᠯᠴᠠᠵᠤ ᠪᠣᠯᠬᠤ ᠲᠤᠷᠰᠢᠯᠭ᠎ᠠ ᠵᠢ ᠬᠠᠩᠭ᠋ᠠᠭᠰᠠᠨ ᠪᠠᠶ᠋ᠢᠨ᠎ᠠ᠃

   

ᠢᠷᠡᠯᠲᠡ᠄ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠴᠢᠩᠭ᠎ᠠ ᠬᠠᠮᠢᠶᠠᠷᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ ᠪᠠᠢ᠌ᠨ᠎ᠠ
ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ ᠦᠶᠤᠸᠠᠨ ᠰᠢᠶᠠᠨ᠎ᠳᠤ᠎ᠬᠢ ᠬᠤᠪᠢᠶᠠᠷᠢ ᠲᠤᠪᠴᠢᠶ᠎ᠠ ᠪᠦᠬᠦ ᠰᠢᠶᠠᠨ᠎ᠤ ᠬᠡᠪᠴᠢᠶᠠᠨ᠎ᠳᠤ᠎ᠬᠢ ᠭᠣᠣᠯᠳᠠᠯᠭ᠎ᠠ᠎ᠲᠠᠢ᠎ᠪᠠᠷ ᠠᠵᠢᠯᠯᠠᠭᠤᠯᠵᠤ ᠪᠠᠢ᠌ᠭ᠎ᠠ ᠠᠵᠤ ᠠᠬᠤᠶ᠋ᠢᠯᠠᠯ᠎ᠳᠤ ᠵᠤᠷᠰᠢᠯ᠎ᠤᠨ ᠪᠠᠶ᠋ᠢᠴᠠᠭ᠋ᠠᠯᠲᠠ ᠬᠢᠪᠡ
ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠷᠡᠭ ᠵᠠᠷᠭᠤ᠎ᠠᠴᠠ ᠲᠥᠯᠥᠪᠦᠷᠢ ᠠᠪᠬᠤ ᠬᠡᠷᠡᠭ᠎ᠤᠨ ᠰᠦᠪᠡᠭᠴᠢ ᠵᠢ ᠲᠠᠭᠯᠠᠨ ᠮᠡᠳᠡᠭᠦᠯᠦᠭᠰᠡᠨ ᠠᠬᠢᠴᠠ ᠵᠢᠨ ᠪᠠᠶ᠋ᠢᠳᠠᠯ
ᠪᠠᠶ᠋ᠢᠭ᠋ᠠᠯᠢ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ 《ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ (2022 — 2030 ᠣᠨ)》 ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ᠎ᠬᠢ᠎ᠨᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠤᠬᠠᠢ ᠵᠢᠨ ᠲᠠᠯᠠᠪᠠᠢ ᠵᠢᠨ ᠪᠤᠰᠤ ᠬᠢᠨᠠᠨ ᠪᠠᠢ᠌ᠴᠠᠭ᠋ᠠᠯᠲᠠ ᠵᠢᠨ ᠲᠥᠰᠥᠭᠡᠳᠦᠭᠦᠯᠦᠯ᠎ᠤᠨ ᠬᠤᠷᠠᠯ᠎ᠳᠤ ᠣᠷᠣᠯᠴᠠᠪᠠ
 
             蒙ICP备05000248号