ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ ᠦᠶᠤᠸᠠᠨ ᠰᠢᠶᠠᠨ᠎ᠳᠤ᠎ᠬᠢ ᠬᠤᠪᠢᠶᠠᠷᠢ ᠲᠤᠪᠴᠢᠶ᠎ᠠ ᠪᠦᠬᠦ ᠰᠢᠶᠠᠨ᠎ᠤ ᠬᠡᠪᠴᠢᠶᠠᠨ᠎ᠳᠤ᠎ᠬᠢ ᠭᠣᠣᠯᠳᠠᠯᠭ᠎ᠠ᠎ᠲᠠᠢ᠎ᠪᠠᠷ ᠠᠵᠢᠯᠯᠠᠭᠤᠯᠵᠤ ᠪᠠᠢ᠌ᠭ᠎ᠠ ᠠᠵᠤ ᠠᠬᠤᠶ᠋ᠢᠯᠠᠯ᠎ᠳᠤ ᠵᠤᠷᠰᠢᠯ᠎ᠤᠨ ᠪᠠᠶ᠋ᠢᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2022-12-02

      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠎ᠬᠢ ᠠᠵᠤ ᠠᠬᠤᠶ᠋ᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯᠯᠠᠭ᠋ᠠᠨ ᠵᠢᠴᠢ ᠡᠮᠴᠢᠯᠡᠭᠡᠨ᠎ᠤ ᠬᠠᠶᠠᠭᠳᠠᠮᠠᠯ ᠪᠣᠳᠠᠰ ᠪᠣᠯᠤᠨ ᠬᠠᠶᠠᠭᠳᠠᠮᠠᠯ ᠤᠰᠤ ᠵᠢ ᠭᠠᠳᠠᠭᠰᠢᠯᠠᠭᠤᠯᠬᠤ ᠵᠢ ᠬᠢᠨᠠᠨ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠤᠰᠠᠳᠠ᠂ ᠤᠢ᠍ᠢ᠍ᠷ᠎ᠠ ᠵᠢᠨ ᠡᠳᠦᠷ᠂ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ ᠦᠶᠤᠸᠠᠨ ᠰᠢᠶᠠᠨ᠎ᠳᠤ᠎ᠬᠢ ᠬᠤᠪᠢᠶᠠᠷᠢ ᠲᠤᠪᠴᠢᠶ᠎ᠠ᠎ᠠᠴᠠ ᠪᠠᠶᠠᠨᠨᠠᠭᠤᠷ ᠪᠠᠷᠠᠭ᠋ᠠᠨ᠎ᠤ ᠭᠦᠢ᠍ᠯᠭᠡᠭᠡᠨ᠎ᠤ ᠪᠠᠭᠤᠳᠠᠯ᠎ᠤᠨ ᠲᠤᠰᠠᠭ᠋ᠠᠷᠯᠠᠬᠤ ᠲᠠᠯᠠᠪᠤᠷ᠂ ᠦᠶᠤᠸᠠᠨ ᠰᠢᠶᠠᠨ᠎ᠤ ᠬᠣᠩ ᠵᠦ᠍ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ᠂ ᠦᠶᠤᠸᠠᠨ ᠰᠢᠶᠠᠨ᠎ᠤ ᠷᠦᠨ ᠽᠸ ᠬᠣᠪᠣᠷ ᠰᠢᠷᠣᠢ ᠵᠢᠨ ᠦᠢ᠍ᠯᠡᠳᠪᠦᠷᠢ᠎ᠳᠤ ᠵᠤᠷᠰᠢᠯ᠎ᠤᠨ ᠪᠠᠢ᠌ᠴᠠᠭ᠋ᠠᠯᠳᠠ ᠵᠢᠨ ᠠᠵᠢᠯᠯᠠᠭ᠎ᠠ ᠦᠷᠨᠢᠭᠦᠯᠪᠡ᠃ ᠠᠬᠤᠢ ᠲᠠᠯᠠᠪᠠᠢ᠎ᠳᠤ ᠠᠵᠢᠯᠳᠠᠳ᠎ᠠᠴᠠ ᠪᠠᠶᠠᠨᠨᠠᠭᠤᠷ ᠪᠠᠷᠠᠭ᠋ᠠᠨ᠎ᠤ ᠭᠦᠢ᠍ᠯᠭᠡᠭᠡᠨ᠎ᠤ ᠪᠠᠭᠤᠳᠠᠯ᠎ᠤᠨ ᠲᠤᠰᠠᠭ᠋ᠠᠷᠯᠠᠬᠤ ᠲᠠᠯᠠᠪᠤᠷ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠲᠦᠷ ᠬᠠᠳᠠᠭ᠋ᠠᠯᠠᠭᠰᠠᠨ᠂ ᠳᠠᠮᠵᠢᠭᠤᠯᠤᠨ ᠲᠡᠭᠡᠭᠡᠪᠦᠷᠢᠯᠡᠭᠰᠡᠨ ᠪᠠ ᠰᠢᠢ᠍ᠳᠪᠦᠷᠢᠯᠡᠭᠰᠡᠨ ᠡᠬᠡ ᠲᠠᠩᠰᠠ ᠵᠢᠨ ᠲᠡᠮᠳᠡᠭᠯᠡᠯ᠎ᠳᠤ ᠨᠢᠮᠪᠠᠶ ᠪᠠᠶ᠋ᠢᠴᠠᠭ᠋ᠠᠯᠲᠠ ᠬᠢᠵᠦ᠂ ᠡᠯ᠎ᠡ ᠲᠤᠰᠠᠭ᠋ᠠᠷᠯᠠᠬᠤ ᠴᠡᠭ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠠᠶᠤᠯ ᠦᠭᠡᠢ᠎ᠪᠠᠷ ᠳᠠᠮᠵᠢᠭᠤᠯᠤᠨ ᠲᠡᠭᠡᠭᠡᠪᠦᠷᠢᠯᠡᠬᠦ ᠵᠢ ᠦᠨᠡᠨ ᠬᠦ᠌ ᠪᠠᠳᠤᠯᠠᠭᠰᠠᠨ᠎ᠤ ᠬᠠᠮᠲᠤ ᠡᠳᠦᠷ ᠪᠦᠷᠢ ᠡᠮᠴᠢᠯᠡᠭᠡᠨ᠎ᠤ ᠬᠠᠶᠠᠭᠳᠠᠮᠠᠯ ᠪᠣᠳᠠᠰ᠎ᠤᠨ ᠭᠠᠳᠠᠭᠰᠢᠯᠠᠭᠤᠯᠤᠭᠰᠠᠨ ᠬᠡᠮᠵᠢᠶ᠎ᠡ ᠵᠢ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭ᠋ᠠᠷᠳᠠᠪᠠ; ᠦᠶᠤᠸᠠᠨ ᠰᠢᠶᠠᠨ᠎ᠤ ᠬᠣᠩ ᠵᠦ᠍ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠣᠬᠢᠷ ᠤᠰᠤᠨ᠎ᠤ ᠦᠯᠡᠳᠡᠭᠳᠡᠯ ᠾᠯᠣᠷ᠎ᠲᠤ ᠠᠬᠤᠢ ᠲᠠᠯᠠᠪᠠᠢ ᠵᠢᠨ ᠬᠢᠨᠠᠨ ᠬᠡᠮᠵᠢᠯᠲᠡ ᠬᠢᠵᠦ᠂ ᠠᠬᠤᠢ ᠲᠠᠯᠠᠪᠠᠢ ᠵᠢᠨ ᠦᠷ᠎ᠡ ᠳ᠋ᠦᠩ᠎ᠠᠴᠠ ᠦᠵᠡᠪᠡᠯ᠂ ᠲᠤᠰ ᠦᠢ᠍ᠯᠡᠳᠪᠦᠷᠢ ᠵᠢᠨ ᠭᠠᠳᠠᠭᠰᠢᠯᠠᠭᠤᠯᠤᠭᠰᠠᠨ ᠤᠰᠤᠨ᠎ᠤ ᠴᠢᠨᠠᠷ᠎ᠤᠨ ᠦᠯᠡᠳᠡᠭᠳᠡᠯ ᠾᠯᠣᠷ᠎ᠤᠨ ᠲᠣᠭ᠎ᠠ ᠬᠡᠮᠵᠢᠭᠳᠡᠯ᠎ᠨᠢ 0.4 ᠪᠠᠶ᠋ᠢᠵᠤ᠂ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠢ᠌ᠴᠡᠵᠦ ᠪᠠᠢ᠌ᠨ᠎ᠠ; ᠦᠶᠤᠸᠠᠨ ᠰᠢᠶᠠᠨ᠎ᠤ ᠷᠦᠨ ᠽᠸ ᠬᠣᠪᠣᠷ ᠰᠢᠷᠣᠶ ᠵᠢᠨ ᠦᠢ᠍ᠯᠡᠳᠪᠦᠷᠢ ᠵᠢᠨ ᠪᠣᠬᠢᠷᠲᠤᠯ᠎ᠢ ᠵᠠᠰᠠᠬᠤ ᠪᠡᠯᠡᠳᠭᠡᠮᠵᠢ ᠪᠠ ᠰᠦᠯᠵᠢᠶ᠎ᠡ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠳᠤ ᠪᠠᠶ᠋ᠢᠴᠠᠭ᠋ᠠᠯᠲᠠ ᠬᠢᠵᠦ᠂ ᠲᠣᠰ ᠦᠢ᠍ᠯᠡᠳᠪᠦᠷᠢ ᠵᠢᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠠᠮᠤᠷ ᠲᠦᠪᠰᠢᠨ ᠲᠣᠭᠲᠠᠭᠤᠨ ᠬᠡᠪ᠎ᠤᠨ ᠶᠣᠰᠣᠭ᠋ᠠᠷ ᠠᠵᠢᠯᠯᠠᠭᠤᠯᠬᠤ ᠵᠢ ᠦᠨᠡᠨ ᠬᠦ᠌ ᠪᠠᠲᠤᠯᠠᠪᠠ᠃

      ᠪᠠᠶ᠋ᠢᠴᠠᠭ᠋ᠠᠬᠤ ᠳᠤᠭᠤᠶ᠋ᠢᠯᠠᠩ᠎ᠠᠴᠠ ᠱᠠᠭ᠋ᠠᠷᠳᠠᠬᠤ᠎ᠳᠤ᠎ᠪᠠᠨ᠂ ᠨᠢᠭᠡ᠎ᠳᠤ᠂ ᠪᠠᠶᠠᠨᠨᠠᠭᠤᠷ ᠪᠠᠷᠠᠭ᠋ᠠᠨ᠎ᠤ ᠭᠦᠢ᠍ᠯᠭᠡᠭᠡᠨ᠎ᠤ ᠪᠠᠭᠤᠳᠠᠯ᠎ᠤᠨ ᠲᠤᠰᠠᠭ᠋ᠠᠷᠯᠠᠬᠤ ᠲᠠᠯᠠᠪᠤᠷ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠲᠦᠷ ᠬᠠᠳᠠᠭ᠋ᠠᠯᠠᠬᠤ᠂ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠵᠢ ᠭᠦᠢ᠍ᠴᠡᠳᠭᠡᠭᠰᠡᠨ ᠲᠡᠮᠳᠡᠭᠯᠡᠯ ᠪᠠ ᠠᠷᠢᠭᠤᠳᠬᠠᠨ ᠠᠷᠢᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ; ᠬᠣᠶᠠᠷ᠎ᠲᠤ᠂ ᠦᠶᠤᠸᠠᠨ ᠰᠢᠶᠠᠨ᠎ᠤ ᠬᠣᠩ ᠵᠦ᠍ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ᠎ᠬᠢᠨ ᠪᠣᠬᠢᠷᠲᠤᠯ᠎ᠢ ᠵᠠᠰᠠᠬᠤ ᠪᠡᠯᠡᠳᠭᠡᠮᠵᠢ᠂ ᠰᠦᠯᠵᠢᠶ᠎ᠡ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢ ᠬᠡᠪ᠎ᠤᠨ ᠶᠣᠰᠣᠭ᠋ᠠᠷ ᠠᠵᠢᠯᠯᠠᠭᠤᠯᠵᠤ᠂ ᠡᠳᠦᠷ ᠪᠦᠷᠢ ᠤᠰᠤᠨ᠎ᠤ ᠬᠡᠮᠵᠢᠶ᠎ᠡ ᠵᠢ ᠦᠨᠳᠦᠰᠦᠯᠡᠨ ᠡᠮ ᠨᠡᠮᠡᠵᠦ᠂ ᠬᠠᠶᠠᠭᠳᠠᠮᠠᠯ ᠤᠰᠤᠨ᠎ᠤ ᠡᠯ᠎ᠡ ᠵᠦᠢ᠍ᠯ᠎ᠤᠨ ᠵᠢᠭ᠋ᠠᠯᠲᠠ ᠲᠣᠭ᠎ᠠ ᠵᠢᠨ ᠲᠣᠭ᠎ᠠ ᠪᠠᠷᠢᠮᠲᠠ ᠵᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠪᠠᠲᠤᠯᠠᠬᠤ ᠬᠡᠷᠡᠭᠲᠡᠢ; ᠭᠤᠷᠪᠠ᠎ᠳᠤ᠂ ᠦᠶᠤᠸᠠᠨ ᠰᠢᠶᠠᠨ᠎ᠤ ᠷᠦᠨ ᠽᠸ ᠬᠣᠪᠣᠷ ᠰᠢᠷᠣᠢ ᠵᠢᠨ ᠦᠢ᠍ᠯᠡᠳᠪᠦᠷᠢ ᠵᠢᠨ ᠪᠣᠬᠢᠷᠲᠤᠯ᠎ᠢ ᠵᠠᠰᠠᠬᠤ ᠪᠡᠯᠡᠳᠭᠡᠮᠵᠢ ᠵᠢ ᠬᠡᠪ᠎ᠤᠨ ᠪᠠᠶ᠋ᠢᠳᠠᠯ ᠵᠶ᠋ᠠᠷ ᠲᠣᠭᠲᠠᠭᠤᠨ ᠵᠶ᠋ᠠᠷ ᠠᠵᠢᠯᠯᠠᠭᠤᠯᠵᠤ᠂ ᠪᠣᠬᠢᠷᠲᠤᠯ ᠪᠣᠳᠠᠰ᠎ᠤᠨ ᠲᠣᠭ᠎ᠠ ᠪᠠᠷᠢᠮᠲᠠ ᠵᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠵᠤ᠂ ᠡᠯ᠎ᠡ ᠲᠦᠷᠦᠯ᠎ᠤᠨ ᠡᠬᠡ ᠲᠠᠩᠰᠠ ᠵᠢ ᠲᠡᠮᠳᠡᠭᠯᠡᠬᠦ ᠪᠠ ᠬᠠᠳᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠦᠶᠤᠸᠠᠨ ᠰᠢᠶᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠱᠠᠭ᠋ᠠᠷᠳᠠᠯᠭ᠎ᠠ ᠶᠣᠰᠣᠭ᠋ᠠᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠴᠢᠩᠭ᠎ᠠ ᠰᠠᠶ᠋ᠢᠲᠤᠷ ᠠᠳᠬᠤᠵᠤ᠂ ᠲᠦᠭᠦᠬᠡᠢ ᠮᠠᠲ᠋ᠧᠷᠢᠶᠠᠯ ᠣᠷᠣᠭᠤᠯᠵᠤ ᠭᠠᠷᠭ᠋ᠠᠬᠤ᠎ᠪᠠᠷ ᠵᠤᠷᠴᠢᠵᠤ ᠪᠠᠢ᠌ᠭ᠎ᠠ ᠲᠤᠮᠤ ᠮᠠᠰᠢᠨ ᠲᠡᠷᠭᠡᠨ᠎ᠤ ᠵᠢᠯᠣᠭᠣᠴᠢ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠨ ᠠᠷᠢᠭᠤᠳᠬᠠᠨ ᠤᠰᠠᠳᠬᠠᠬᠤ ᠬᠤᠤᠷ ᠦᠭᠡᠢ᠌ᠳᠡᠭᠦᠯᠬᠦ ᠠᠵᠢᠯ᠎ᠢ ᠰᠠᠶ᠋ᠢᠲᠤᠷ ᠬᠢᠵᠦ᠂ ᠦᠢ᠍ᠯᠡᠳᠪᠦᠷᠢ ᠵᠢᠨ ᠲᠤᠳᠤᠭ᠋ᠠᠳᠤᠬᠢ ᠠᠵᠢᠯᠴᠢᠳ᠎ᠲᠤ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃

      ᠲᠠᠷᠠᠭ᠋ᠠᠴᠢ ᠵᠢᠨ ᠠᠯᠬᠤᠮ᠎ᠳᠤ᠂ ᠪᠠᠶᠠᠨᠨᠠᠭᠤᠷ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠤᠪᠴᠢᠶᠠᠨ᠎ᠤ ᠦᠶᠤᠸᠠᠨ ᠰᠢᠶᠠᠨ᠎ᠳᠤ᠎ᠬᠢ ᠬᠤᠪᠢᠶᠠᠷᠢ ᠲᠣᠪᠴᠢᠶ᠎ᠠ᠎ᠨᠢ ᠪᠥᠬᠥ ᠰᠢᠶᠠᠨ᠎ᠤ ᠬᠡᠪᠴᠢᠶᠡᠨ᠎ᠳᠤ᠎ᠬᠢ ᠭᠣᠤᠯᠳᠠᠯᠭ᠎ᠠ᠎ᠲᠠᠢ᠎ᠪᠠᠷ ᠠᠵᠢᠯᠯᠠᠭᠤᠯᠵᠤ ᠪᠠᠶ᠋ᠢᠭ᠎ᠠ ᠠᠵᠤ ᠠᠬᠤᠶ᠋ᠢᠯᠠᠯ᠎ᠳᠤ ᠬᠠᠤᠯᠢ ᠬᠡᠷᠡᠭᠵᠢᠭᠦᠯᠦᠯᠳᠡ ᠵᠢᠨ ᠬᠢᠨᠠᠨ ᠬᠠᠮᠢᠶᠠᠷᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠰᠦᠯᠵᠢᠶ᠎ᠡ᠎ᠪᠠᠷ ᠠᠵᠢᠯᠯᠠᠬᠤ᠂ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠵᠡᠷᠭᠡ ᠠᠷᠭ᠎ᠠ ᠪᠠᠷᠢᠯ ᠵᠶ᠋ᠠᠷ ᠠᠵᠤ ᠠᠬᠤᠶ᠋ᠢᠯᠠᠯ᠎ᠤᠨ ᠠᠵᠢᠯᠯᠠᠭ᠋ᠠᠨ᠎ᠤ ᠪᠠᠶ᠋ᠢᠳᠠᠯ᠎ᠢ ᠰᠠᠶ᠋ᠢᠲᠤᠷ ᠬᠢᠨᠠᠨ ᠬᠠᠮᠢᠶᠠᠷᠴᠤ᠂ ᠡᠯ᠎ᠡ ᠠᠵᠤ ᠠᠬᠤᠶ᠋ᠢᠯᠠᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠭᠤᠯᠬᠤ ᠵᠢ ᠦᠨᠡᠨ ᠬᠦ᠌ ᠪᠠᠲᠤᠯᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠷᠡᠭ ᠵᠠᠷᠭᠤ᠎ᠠᠴᠠ ᠲᠥᠯᠥᠪᠦᠷᠢ ᠠᠪᠬᠤ ᠬᠡᠷᠡᠭ᠎ᠤᠨ ᠰᠦᠪᠡᠭᠴᠢ ᠵᠢ ᠲᠠᠭᠯᠠᠨ ᠮᠡᠳᠡᠭᠦᠯᠦᠭᠰᠡᠨ ᠠᠬᠢᠴᠠ ᠵᠢᠨ ᠪᠠᠶ᠋ᠢᠳᠠᠯ
ᠪᠠᠶ᠋ᠢᠭ᠋ᠠᠯᠢ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ 《ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ (2022 — 2030 ᠣᠨ)》 ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ᠎ᠬᠢ᠎ᠨᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠤᠬᠠᠢ ᠵᠢᠨ ᠲᠠᠯᠠᠪᠠᠢ ᠵᠢᠨ ᠪᠤᠰᠤ ᠬᠢᠨᠠᠨ ᠪᠠᠢ᠌ᠴᠠᠭ᠋ᠠᠯᠲᠠ ᠵᠢᠨ ᠲᠥᠰᠥᠭᠡᠳᠦᠭᠦᠯᠦᠯ᠎ᠤᠨ ᠬᠤᠷᠠᠯ᠎ᠳᠤ ᠣᠷᠣᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠰᠤᠳᠤᠯᠭ᠋ᠠᠨ᠎ᠤ ᠳᠦᠷᠦᠯ ᠵᠦᠢ᠍ᠯ᠎ᠤᠨ ᠤᠷᠢᠳᠴᠢᠯᠠᠨ ᠬᠢᠨᠠᠬᠤ ᠬᠤᠷᠠᠯ ᠬᠢᠪᠡ
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
 
             蒙ICP备05000248号