ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠷᠡᠭ ᠵᠠᠷᠭᠤ᠎ᠠᠴᠠ ᠲᠥᠯᠥᠪᠦᠷᠢ ᠠᠪᠬᠤ ᠬᠡᠷᠡᠭ᠎ᠤᠨ ᠰᠦᠪᠡᠭᠴᠢ ᠵᠢ ᠲᠠᠭᠯᠠᠨ ᠮᠡᠳᠡᠭᠦᠯᠦᠭᠰᠡᠨ ᠠᠬᠢᠴᠠ ᠵᠢᠨ ᠪᠠᠶ᠋ᠢᠳᠠᠯ
ᠨᠡᠶ᠋ᠢᠲᠡᠯᠡᠭᠰᠡᠨ ᠴᠠᠭ᠄ 2022-12-02

      ᠮᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠷᠡᠭ ᠵᠠᠷᠭᠤ᠎ᠠᠴᠠ ᠲᠥᠯᠥᠪᠦᠷᠢ ᠠᠪᠬᠤ ᠬᠡᠷᠡᠭ᠎ᠤᠨ ᠰᠦᠪᠡᠭᠴᠢ ᠵᠢ ᠲᠠᠭᠯᠠᠨ ᠮᠡᠳᠡᠭᠦᠯᠬᠦ ᠠᠵᠢᠯ᠎ᠢ ᠠᠬᠢᠭᠤᠯᠤᠨ᠂ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ 10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠮᠠᠨ᠎ᠤ ᠲᠢᠩᠬᠢᠮ ᠡᠯ᠎ᠡ ᠠᠶ᠋ᠢᠮᠠᠭ ᠬᠤᠳᠠ ᠵᠢᠨ ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠷᠡᠭ ᠵᠠᠷᠭᠤ᠎ᠠᠴᠠ ᠲᠥᠯᠥᠪᠦᠷᠢ ᠠᠪᠬᠤ ᠬᠡᠷᠡᠭ᠎ᠤᠨ ᠰᠦᠪᠡᠭᠴᠢ ᠵᠢ ᠲᠠᠭᠯᠠᠨ ᠮᠡᠳᠡᠭᠦᠯᠦᠭᠰᠡᠨ ᠪᠠᠶ᠋ᠢᠳᠠᠯ᠎ᠢ ᠳᠣᠭᠢᠷᠠᠭᠤᠯᠪᠠ᠃ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠰᠢᠯᠢ ᠵᠢᠨ ᠭᠣᠤᠯ ᠠᠶ᠋ᠢᠮᠠᠭ᠂ ᠦᠬᠠᠶ ᠬᠣᠲᠠ᠂ ᠠᠯᠠᠱ᠌ᠠ ᠠᠶ᠋ᠢᠮᠠᠭ᠂ ᠣᠷᠳᠣᠰ ᠬᠣᠲᠠ ᠵᠢᠨ ᠲᠠᠭᠯᠠᠨ ᠮᠡᠳᠡᠭᠦᠯᠦᠭᠰᠡᠨ ᠨᠣᠷᠮ᠎ᠠ᠎ᠨᠢ 90% ᠵᠢ ᠳᠠᠪᠠᠵᠤ᠂ ᠬᠥᠬᠡᠬᠣᠲᠠ᠂ ᠤᠯᠠᠭ᠋ᠠᠨᠬᠠᠳᠠ ᠬᠣᠲᠠ ᠵᠢᠨ ᠲᠠᠭᠯᠠᠨ ᠮᠡᠳᠡᠭᠦᠯᠦᠭᠰᠡᠨ ᠨᠣᠷᠮ᠎ᠠ᠎ᠨᠢ 60% ᠵᠢ ᠳᠠᠪᠠᠵᠤ᠂ ᠪᠤᠰᠤᠳ ᠠᠶ᠋ᠢᠮᠠᠭ ᠬᠣᠲᠠ ᠵᠢᠨ ᠲᠠᠭᠯᠠᠨ ᠮᠡᠳᠡᠭᠦᠯᠦᠭᠰᠡᠨ ᠨᠣᠷᠮ᠎ᠠ᠎ᠨᠢ 50%᠎ᠠᠴᠠ ᠳᠣᠤᠷ᠎ᠠ ᠪᠠᠢ᠌ᠪᠠ᠃ ᠬᠢᠨᠠᠨ ᠬᠠᠷᠭᠤᠭᠤᠯᠤᠭᠰᠠᠨ ᠪᠠᠶ᠋ᠢᠳᠠᠯ᠎ᠠᠴᠠ ᠦᠵᠡᠪᠡᠯ᠂ ᠲᠠᠭᠯᠠᠨ ᠮᠡᠳᠡᠭᠦᠯᠦᠭᠰᠡᠨ ᠶᠠᠰᠤ ᠴᠢᠨᠠᠷ ᠵᠶ᠋ᠠᠷ ᠰᠠᠢ᠌ᠨ ᠪᠢᠰᠢ᠂ ᠤᠷᠤᠰᠢᠵᠤ ᠪᠠᠢ᠌ᠭ᠎ᠠ ᠭᠣᠤᠯ ᠠᠰᠠᠭᠤᠳᠠᠯ ᠭᠡᠪᠡᠯ ᠡᠬᠢᠯᠡᠭᠦᠯᠦᠭᠡᠳᠦᠶ ᠬᠡᠷᠡᠭ ᠵᠠᠷᠭᠤ᠎ᠳᠤ ᠡᠬᠢᠯᠡᠭᠦᠯᠬᠦ ᠥᠬᠡᠶ ᠪᠠᠢ᠌ᠬᠤ ᠵᠢ ᠲᠤᠯᠭ᠋ᠠᠭᠤᠷᠢᠯᠠᠬᠤ ᠮᠠᠲ᠋ᠧᠷᠢᠶᠠᠯ ᠳᠤᠲᠠᠭᠳᠠᠵᠤ᠂ ᠬᠢᠨᠠᠨ ᠬᠠᠷᠭᠤᠭᠤᠯᠤᠯᠳᠠ᠎ᠳᠤ ᠦᠩᠭᠡᠷᠡᠭᠡᠬᠦ ᠵᠢᠨ ᠠᠷᠭ᠎ᠠ ᠥᠬᠡᠶ᠂ ᠠᠶ᠋ᠢᠮᠠᠭ ᠬᠣᠲᠠ ᠵᠢᠨ ᠬᠡᠷᠡᠭ ᠵᠠᠷᠭᠤ ᠵᠢ ᠭᠦᠢ᠍ᠴᠡᠳᠭᠡᠬᠦ ᠰᠠᠯᠠᠭ᠎ᠠ ᠮᠥᠴᠢᠷ᠎ᠠᠴᠠ ᠬᠠᠮᠢᠶ᠎ᠠ ᠪᠥᠬᠥᠶ ᠭᠡᠷᠡᠴᠢᠯᠡᠬᠦ ᠮᠠᠲ᠋ᠧᠷᠢᠶᠠᠯ᠎ᠢ ᠨᠦᠬᠦᠪᠦᠷᠢᠯᠡᠵᠦ ᠲᠠᠭᠯᠠᠬᠤ ᠴᠢᠬᠤᠯᠠ᠎ᠲᠠᠢ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠶ᠋ᠢᠭ᠋ᠠᠯᠢ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ 《ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ (2022 — 2030 ᠣᠨ)》 ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ᠎ᠬᠢ᠎ᠨᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠤᠬᠠᠢ ᠵᠢᠨ ᠲᠠᠯᠠᠪᠠᠢ ᠵᠢᠨ ᠪᠤᠰᠤ ᠬᠢᠨᠠᠨ ᠪᠠᠢ᠌ᠴᠠᠭ᠋ᠠᠯᠲᠠ ᠵᠢᠨ ᠲᠥᠰᠥᠭᠡᠳᠦᠭᠦᠯᠦᠯ᠎ᠤᠨ ᠬᠤᠷᠠᠯ᠎ᠳᠤ ᠣᠷᠣᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠰᠤᠳᠤᠯᠭ᠋ᠠᠨ᠎ᠤ ᠳᠦᠷᠦᠯ ᠵᠦᠢ᠍ᠯ᠎ᠤᠨ ᠤᠷᠢᠳᠴᠢᠯᠠᠨ ᠬᠢᠨᠠᠬᠤ ᠬᠤᠷᠠᠯ ᠬᠢᠪᠡ
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠲᠤ ᠬᠦᠷᠴᠦ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠪᠠᠢ᠌ᠴᠠᠭ᠋ᠠᠨ ᠰᠤᠳᠤᠯᠪᠠ
 
             蒙ICP备05000248号