ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ ᠨᠠᠭ᠋ᠠᠰᠢ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ ᠰᠠᠶ᠋ᠢᠬᠠᠨ ᠲᠣᠭᠣᠷᠢᠭ᠎ᠲᠤ᠎ᠬᠢ ᠬᠤᠪᠢᠶᠠᠷᠢ ᠲᠤᠪᠴᠢᠶᠠᠨ᠎ᠤ᠎ᠬᠢᠨ ᠬᠠᠷᠢᠶ᠎ᠠ ᠣᠷᠣᠨ᠎ᠤ ᠲᠤᠳᠤᠭ᠋ᠠᠳᠤᠬᠢ ᠲᠤᠰᠠᠭ᠋ᠠᠷᠯᠠᠬᠤ ᠪᠠᠭᠤᠳᠠᠯ᠂ ᠴᠢᠩᠭᠡᠯᠢᠭᠳᠤ ᠡᠮᠨᠡᠯᠭᠡ ᠵᠢᠨ ᠬᠤᠷᠢᠶ᠎ᠠ᠂ ᠲᠥᠪᠯᠡᠷᠡᠭᠦᠯᠦᠨ ᠲᠤᠰᠠᠭ᠋ᠠᠷᠯᠠᠬᠤ ᠴᠡᠭ᠎ᠤᠨ ᠡᠮᠴᠢᠯᠡᠭᠡᠨ᠎ᠤ ᠬᠣᠭ ᠨᠣᠪᠰᠢ ᠵᠢ ᠰᠢᠢ᠍ᠳᠪᠦᠷᠢᠯᠡᠬᠦ ᠠᠵᠢᠯ᠂ ᠡᠮᠴᠢᠯᠡᠭᠡᠨ᠎ᠤ ᠬᠠᠶᠠᠭᠳᠠᠮᠠᠯ ᠤᠰᠤ ᠵᠢ ᠬᠢᠨᠠᠨ ᠬᠠᠮᠢᠶᠠᠷᠬᠤ᠎ᠪᠠᠨ ᠲᠠᠰᠤᠷᠠᠯᠳᠡ ᠦᠭᠡᠢ ᠴᠢᠩᠭ᠋ᠠᠳᠬᠠᠪᠠ᠃ ᠬᠠᠮᠢᠶ᠎ᠠ ᠪᠥᠬᠥᠶ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ᠎ᠬᠢ ᠬᠢᠵᠢᠭ᠎ᠲᠤ ᠬᠣᠯᠪᠣᠭᠳᠠᠭᠰᠠᠨ ᠬᠠᠶᠠᠭᠳᠠᠮᠠᠯ ᠪᠣᠳᠠᠰ᠎ᠢ ᠠᠶᠤᠯ ᠥᠬᠡᠶ᠎ᠪᠠᠷ ᠰᠢᠢ᠍ᠳᠪᠦᠷᠢᠯᠡᠬᠦ᠂ ᠡᠮᠴᠢᠯᠡᠭᠡᠨ᠎ᠤ ᠬᠠᠶᠠᠭᠳᠠᠮᠠᠯ ᠤᠰᠤ ᠵᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠪᠠᠲᠤᠯᠠᠵᠤ᠂ ᠡᠮᠴᠢᠯᠡᠭᠡᠨ᠎ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠵᠢ ᠰᠢᠢ᠍ᠳᠪᠦᠷᠢᠯᠡᠭᠰᠡᠨ᠎ᠨᠢ ᠵᠢᠷᠤᠮᠵᠢᠯ ᠥᠬᠡᠶ᠎ᠠᠴᠠ ᠪᠣᠯᠵᠣ ᠬᠢᠵᠢᠭ ᠳᠡᠯᠭᠡᠷᠡᠬᠦ ᠵᠢ ᠡᠷᠡᠰ ᠬᠣᠷᠢᠭᠯᠠᠬᠤ ᠬᠡᠷᠡᠭᠲᠡᠶ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ ᠵᠢᠨ ᠴᠢᠩᠭᠡᠯᠢᠭᠳᠤ ᠡᠮᠨᠡᠯᠭᠡ ᠵᠢᠨ ᠬᠤᠷᠢᠶᠠᠨ᠎ᠤ ᠡᠮᠴᠢᠯᠡᠭᠡᠨ᠎ᠤ ᠬᠠᠶᠠᠭᠳᠠᠮᠠᠯ ᠤᠰᠤ᠂ ᠬᠠᠶᠠᠭᠳᠠᠮᠠᠯ ᠪᠣᠳᠠᠰ᠎ᠲᠤ ᠬᠢᠨᠠᠯᠲᠠ ᠬᠠᠮᠢᠶᠠᠷᠤᠯᠲᠠ ᠬᠢᠬᠦ ᠵᠢ ᠴᠢᠩᠭ᠋ᠠᠳᠬᠠᠵᠤ᠂ ᠡᠮᠴᠢᠯᠡᠭᠡᠨ᠎ᠤ ᠬᠠᠶᠠᠭᠳᠠᠮᠠᠯ ᠤᠰᠤ ᠵᠢ ᠠᠷᠢᠭᠤᠳᠬᠠᠨ ᠤᠰᠠᠳᠬᠠᠬᠤ ᠵᠢ ᠴᠢᠩᠭ᠋ᠠᠷᠠᠭᠤᠯᠤᠨ᠂ ᠪᠠᠭ᠋ᠠᠰᠤᠨ ᠲᠠᠲᠠᠭ᠋ᠠᠯ᠎ᠤᠨ ᠤᠰᠤ ᠭᠠᠳᠠᠭᠰᠢᠯᠠᠭᠤᠯᠬᠤ ᠵᠢ ᠡᠳᠦᠷ᠎ᠲᠤ ᠳᠥᠷᠪᠡ ᠤᠳᠠᠭ᠎ᠠ ᠬᠢᠨᠠᠨ ᠬᠡᠮᠵᠢᠵᠦ᠂ ᠡᠮᠴᠢᠯᠡᠭᠡᠨ᠎ᠤ ᠬᠠᠶᠠᠭᠳᠠᠮᠠᠯ ᠤᠰᠤᠨ᠎ᠤ ᠦᠯᠡᠳᠡᠭᠳᠡᠯ ᠾᠯᠣᠷ᠂ ᠪᠠᠭ᠋ᠠᠰᠤ ᠪᠦᠳᠦᠭᠦᠨ ᠭᠡᠳᠡᠰᠦᠨ᠎ᠤ ᠪᠠᠺᠲ᠋ᠧᠷᠢ ᠵᠢᠨ ᠰᠦᠷᠦᠭ ᠵᠡᠷᠭᠡ ᠵᠢᠨ ᠭᠦᠢ᠍ᠴᠡᠳᠭᠡᠯ ᠲᠣᠭ᠎ᠠ ᠵᠢ ᠡᠮᠴᠢᠯᠡᠭᠡᠨ᠎ᠤ ᠪᠠᠶ᠋ᠢᠭᠤᠯᠤᠮᠵᠢ ᠵᠢᠨ ᠤᠰᠤᠨ᠎ᠤ ᠪᠤᠬᠢᠷᠳᠤᠯ ᠪᠣᠳᠠᠰ᠎ᠤᠨ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠦᠭᠦᠯᠦᠭᠰᠡᠨ᠎ᠤ ᠳᠠᠷᠠᠭ᠎ᠠ ᠭᠠᠳᠠᠭᠰᠢᠯᠠᠭᠤᠯᠬᠤ ᠵᠢ ᠦᠨᠡᠨ ᠬᠦ᠌ ᠪᠠᠲᠤᠯᠠᠨ᠎ᠠ; ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠭᠦᠢ᠍ᠴᠡᠳᠭᠡᠬᠦ ᠮᠡᠷᠭᠡᠵᠢᠯ᠎ᠤᠨ ᠵᠢᠷᠤᠮᠵᠢᠯ᠎ᠢ ᠴᠢᠩᠳᠠᠯᠠᠵᠤ᠂ ᠠᠵᠢᠯ᠎ᠤᠨ ᠲᠣᠭᠲᠠᠴᠠ᠂ ᠠᠵᠢᠯ᠎ᠤᠨ ᠴᠤᠪᠤᠷᠠᠯ᠎ᠢ ᠪᠦᠷᠢᠨᠰᠢᠭᠦᠯᠦᠨ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠬᠠᠳᠠᠭ᠋ᠠᠯᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠵᠢ ᠵᠢᠷᠤᠮᠵᠢᠭᠤᠯᠵᠤ᠂ ᠴᠠᠭ ᠲᠤᠬᠠᠶ᠎ᠳᠤᠨᠢ ᠴᠤᠭᠯᠠᠭᠤᠯᠬᠤ ᠪᠠ ᠤᠰᠠᠳᠬᠠᠵᠤ᠂ ᠲᠠᠷᠬᠠᠭ᠋ᠠᠯᠲᠠ ᠵᠢᠨ ᠲᠦᠭᠰᠢᠭᠦᠷᠢ᠎ᠠᠴᠠ ᠪᠦᠲᠦᠮᠵᠢᠲᠡᠶ᠎ᠪᠠᠷ ᠵᠠᠶ᠋ᠢᠯᠠᠰᠬᠢᠬᠦ ᠬᠡᠷᠡᠭᠲᠡᠶ᠃ ᠬᠠᠷᠢᠶ᠎ᠠ ᠣᠷᠣᠨ᠎ᠤ ᠲᠤᠳᠤᠭ᠋ᠠᠳᠤᠬᠢ ᠲᠤᠰᠠᠭ᠋ᠠᠷᠯᠠᠬᠤ ᠪᠠᠭᠤᠳᠠᠯ᠂ ᠲᠥᠪᠯᠡᠷᠡᠭᠦᠯᠦᠨ ᠲᠤᠰᠠᠭ᠋ᠠᠷᠯᠠᠬᠤ ᠴᠡᠭ ᠵᠡᠷᠭᠡ ᠬᠢᠵᠢᠭ᠎ᠲᠤ ᠬᠣᠯᠪᠣᠭᠳᠠᠬᠤ ᠭᠠᠵᠠᠷ ᠲᠠᠯᠠᠪᠤᠷ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠢᠯᠭ᠋ᠠᠷᠠᠭᠤᠯᠤᠨ ᠪᠠᠶ᠋ᠢᠴᠠᠭ᠋ᠠᠬᠤ ᠵᠢ ᠴᠢᠩᠳᠠᠯᠠᠵᠤ᠂ ᠬᠢᠵᠢᠭ᠎ᠲᠤ ᠬᠣᠯᠪᠣᠭᠳᠠᠬᠤ ᠬᠠᠶᠠᠭᠳᠠᠮᠠᠯ ᠪᠣᠳᠠᠰ᠎ᠢ ᠡᠳᠦᠷ᠎ᠲᠤ ᠭᠠᠳᠠᠭᠰᠢᠯᠠᠭᠤᠯᠤᠭᠰᠠᠨᠢ ᠡᠳᠦᠷᠲᠤᠨᠢ ᠴᠡᠪᠡᠷᠯᠡᠵᠦ ᠲᠠᠭᠤᠰᠬᠠᠬᠤ ᠵᠢ ᠡᠷᠡᠰ ᠪᠡᠶᠡᠯᠡᠭᠦᠯᠬᠦ ᠬᠡᠷᠡᠭᠲᠡᠶ᠃ ᠭᠤᠷᠪᠠᠳᠠᠬᠢ ᠡᠲᠡᠭᠡᠳ᠎ᠤᠨ ᠬᠢᠨᠠᠨ ᠬᠡᠮᠵᠢᠯᠳᠡ ᠵᠢᠨ ᠨᠢᠭᠡᠴᠢ᠎ᠳᠤ ᠨᠠᠶ᠋ᠢᠳᠠᠵᠤ ᠬᠠᠷᠢᠶ᠎ᠠ ᠣᠷᠣᠨ᠎ᠤ᠎ᠪᠠᠨ 19 ᠲᠤᠰᠠᠭ᠋ᠠᠷᠯᠠᠬᠤ ᠪᠠᠭᠤᠳᠠᠯ᠎ᠤᠨ ᠪᠣᠬᠢᠷ ᠤᠰᠤ ᠭᠠᠳᠠᠭᠰᠢᠯᠠᠭᠤᠯᠬᠤ᠎ᠳᠤ ᠴᠠᠭ ᠲᠤᠬᠠᠶ᠎ᠳᠤᠨᠢ ᠦᠯᠡᠳᠡᠭᠳᠡᠯ ᠾᠯᠣᠷ᠎ᠤᠨ ᠬᠢᠨᠠᠨ ᠬᠡᠮᠵᠢᠯᠲᠡ ᠬᠢᠯᠭᠡᠵᠦ᠂ ᠬᠠᠶᠠᠭᠳᠠᠮᠠᠯ ᠤᠰᠤ ᠵᠢ ᠠᠷᠢᠭᠤᠳᠬᠠᠨ ᠤᠰᠠᠳᠬᠠᠬᠤ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠶ᠃ ᠴᠥᠬᠥᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠬᠠᠷᠢᠶ᠎ᠠ ᠣᠷᠣᠨ᠎ᠤ᠎ᠪᠠᠨ ᠬᠢᠵᠢᠭ᠎ᠲᠤ ᠬᠣᠯᠪᠣᠭᠳᠠᠭᠰᠠᠨ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠵᠢ ᠵᠢᠷᠤᠮᠵᠢᠭᠤᠯᠤᠨ ᠰᠢᠢ᠍ᠳᠪᠦᠷᠢᠯᠡᠬᠦ ᠵᠢ ᠪᠠᠲᠤᠯᠠᠵᠤ᠂ ᠪᠥᠬᠥ ᠬᠣᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠬᠦᠴᠦᠲᠡᠶ ᠳᠡᠮᠵᠢᠯᠭᠡ ᠦᠵᠡᠭᠦᠯᠦᠨ᠎ᠡ᠃