ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠵᠢᠨ ᠲᠤᠰᠠᠳᠠ᠂ 11 ᠳ᠋ᠤᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠨᠢ ᠰᠦᠯᠵᠢᠶᠡᠨ᠎ᠤ ᠸᠢᠳᠢᠤ᠋ ᠬᠡᠯᠪᠡᠷᠢ᠎ᠪᠠᠷ 《ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ》 ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠪᠠ᠃ ᠬᠠᠩᠭᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠠᠴᠠ ᠤᠷᠳᠤᠰ ᠬᠤᠳᠠ ᠵᠢᠨ ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠵᠶ᠋ᠠᠨ ᠲᠠᠨᠢᠯᠴᠠᠭᠤᠯᠵᠤ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠨᠢᠭᠡᠴᠢ ᠪᠤᠯᠬᠤ ᠪᠡᠭᠡᠵᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠎ᠠᠴᠠ ᠲᠥᠯᠥᠪᠵᠢᠭᠦᠯᠭᠡ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠳᠡ ᠬᠢᠵᠦ᠂ ᠤᠯᠤᠰ᠎ᠤᠨ ᠳᠣᠲᠣᠭ᠋ᠠᠳᠤ ᠵᠢᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠲᠠᠪᠤᠨ ᠲᠤᠰᠬᠠᠢ ᠮᠡᠷᠭᠡᠵᠢᠯᠲᠡᠨ ᠬᠢᠨᠠᠮᠠᠭ᠋ᠠᠢ ᠶᠠᠷᠢᠯᠴᠠᠵᠤ᠂ ᠬᠢᠨᠠᠨ ᠲᠤᠭᠳᠠᠯᠭ᠋ᠠᠵᠠᠢ᠃ ᠲᠥᠯᠥᠪᠵᠢᠭᠦᠯᠭᠡ ᠵᠢᠨ ᠰᠢᠰᠲ᠋ᠧᠮ᠎ᠳᠤ ᠬᠠᠩᠭᠢᠨ ᠬᠤᠰᠢᠭᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠰᠢᠭᠤ ᠵᠢ ᠪᠠᠢ᠌ᠭᠤᠯᠬᠤ ᠵᠢᠨ ᠰᠠᠭᠤᠷᠢ ᠨᠥᠬᠥᠴᠡᠯ᠂ ᠬᠠᠷᠠᠯᠳᠠᠳᠤ ᠡᠭᠦᠷᠭᠡ᠂ ᠭᠦᠢ᠍ᠴᠡᠳᠭᠡᠯ ᠲᠣᠭ᠎ᠠ ᠪᠣᠯᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠵᠠᠳᠠᠯᠤᠨ ᠰᠢᠨᠵᠢᠯᠡᠵᠦ᠂ ᠬᠠᠲᠤᠨ ᠭᠣᠤᠯ᠎ᠤᠨ ᠰᠠᠪᠠ ᠭᠠᠵᠠᠷ᠎ᠤᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢ᠎ᠳᠤ ᠡᠪᠡᠰᠦ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠭᠰᠠᠨ᠎ᠤ ᠥᠯᠢᠭᠡᠷ ᠳᠠᠭᠤᠷᠢᠶᠠᠯ ᠪᠤᠯᠬᠤ ᠣᠷᠣᠨ᠂ ᠠᠮᠢ ᠠᠬᠤᠶ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠂ ᠡᠯᠡᠰᠦᠷᠬᠡᠭᠵᠢᠭᠰᠡᠨ ᠲᠠᠯ᠎ᠠ ᠨᠤᠲᠤᠭ᠎ᠤᠨ ᠬᠠᠲᠤᠨ ᠭᠣᠤᠯ᠎ᠤᠨ ᠵᠠᠩ ᠬᠡᠪᠰᠢᠯ ᠪᠦᠬᠦᠢ ᠠᠮᠢ ᠠᠬᠤᠶ ᠰᠡᠯᠡᠭᠦᠴᠡᠯ᠎ᠤᠨ ᠵᠢᠭᠤᠯᠴᠢᠯᠠᠯ᠎ᠤᠨ ᠣᠷᠣᠨ᠂ ᠢᠯᠡ ᠲᠣᠳᠣ ᠣᠷᠣᠨ ᠪᠦᠰᠡ ᠵᠢᠨ ᠣᠨᠴᠠᠯᠢᠭ᠎ᠲᠠᠢ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠴᠢᠭᠯᠡᠯ᠎ᠢ ᠲᠣᠳᠣᠷᠬᠠᠶ ᠲᠣᠭᠲᠠᠭ᠋ᠠᠪᠠ᠃ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ᠎ᠬᠢᠨ 《ᠬᠠᠩᠭᠢᠨ ᠬᠣᠰᠢᠭᠤᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ ᠲᠥᠯᠥᠪᠵᠢᠭᠦᠯᠭᠡ (2022 — 2030)》᠎ᠨᠢ ᠰᠢᠯᠭ᠋ᠠᠷᠠᠭᠤᠯᠤᠯᠲᠠ᠎ᠳᠤ ᠪᠠᠳᠤᠯᠠᠭᠳᠠᠭᠰᠠᠨᠢ ᠵᠥᠪᠰᠢᠶᠡᠷᠡᠪᠡ᠃ 《ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠬᠠᠮᠢᠶᠠᠷᠤᠯᠲᠠ ᠵᠢᠨ ᠲᠦᠷᠢᠮ ᠲᠣᠭᠲᠠᠭ᠋ᠠᠯ᠎ᠤᠨ ᠴᠤᠪᠤᠷᠠᠯ (ᠵᠠᠰᠠᠪᠤᠷᠢ ᠣᠷᠣᠭᠤᠯᠤᠭᠰᠠᠨ ᠬᠡᠪᠯᠡᠯ)》᠎ᠢ ᠦᠨᠳᠦᠰᠦᠯᠡᠨ᠂ ᠲᠤᠰ ᠲᠥᠯᠥᠪᠵᠢᠭᠦᠯᠭᠡ ᠵᠢ ᠤᠯᠠᠮ ᠨᠢᠭᠡ ᠠᠯᠬᠤᠮ ᠵᠠᠰᠠᠵᠤ ᠪᠦᠷᠢᠨᠰᠢᠭᠦᠯᠦᠭᠰᠡᠨᠤ ᠳᠠᠷᠠᠭ᠎ᠠ᠂ ᠬᠠᠩᠭᠢᠨ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠬᠠᠩᠭᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠨ ᠵᠥᠪᠯᠡᠭᠰᠡᠨ᠎ᠤ ᠳᠠᠷᠠᠭ᠎ᠠ ᠨᠡᠶ᠋ᠢᠲᠡᠯᠡᠵᠦ ᠬᠡᠷᠡᠭᠵᠢᠭᠦᠯᠦᠨ᠎ᠡ᠃