12 ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ ᠨᠠᠮ᠎ᠤᠨ ᠡᠭᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠠᠰᠤᠭ ᠬᠢᠭᠡᠳ ᠲᠤᠷᠰᠢᠯᠲᠠ ᠵᠢᠨ ᠲᠥᠪ᠎ᠤᠨ ᠬᠠᠮᠲᠤᠷᠠᠭᠰᠠᠨ ᠨᠠᠮ᠎ᠤᠨ ᠡᠭᠦᠷ ᠬᠢᠭᠡᠳ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠭᠡᠷᠡᠴᠢᠯᠡᠵᠦ ᠵᠥᠪᠰᠢᠶᠡᠷᠡᠬᠦ ᠪᠠ ᠰᠢᠯᠭ᠋ᠠᠨ ᠪᠠᠢ᠌ᠴᠠᠭ᠋ᠠᠵᠤ ᠬᠢᠨᠠᠨ ᠬᠡᠮᠵᠢᠵᠦ ᠬᠢᠨᠠᠯᠲᠠ ᠲᠠᠯᠪᠢᠬᠤ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ ᠬᠦᠴᠦ᠎ᠪᠠᠨ ᠬᠠᠮᠲᠤᠳᠬᠠᠨ ᠭᠠᠷ ᠬᠣᠯᠪᠣᠨ ᠬᠠᠮᠲᠤ᠎ᠪᠠᠷ ᠤᠷᠤᠭᠰᠢᠯᠠᠵᠤ ᠬᠢᠨᠠᠯᠲᠠ ᠲᠠᠯᠪᠢᠬᠤ ᠵᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠭᠤᠷᠪᠠᠨ ᠨᠠᠮ᠎ᠤᠨ ᠡᠭᠦᠷ᠎ᠤᠨ ᠨᠠᠮ᠎ᠤᠨ ᠭᠡᠰᠢᠭᠦᠳ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠲᠤᠷᠰᠢᠯᠲᠠ ᠵᠢᠨ ᠲᠠᠰᠤᠭ᠎ᠢ ᠲᠣᠭᠣᠷᠢᠨ ᠦᠵᠡᠬᠦ᠎ᠪᠠᠷ ᠳᠠᠮᠵᠢᠨ᠂ ᠬᠡᠮᠵᠢᠭᠦᠷᠯᠢᠭ᠎ᠤᠨ ᠤᠭ ᠶᠣᠰᠣ᠂ ᠶᠡᠷᠦᠩᠬᠡᠢ ᠥᠷᠲᠡᠭᠡ ᠵᠢᠨ ᠬᠡᠮᠵᠢᠯᠲᠡ ᠵᠢᠨ ᠭᠡᠷᠡᠴᠢᠯᠡᠯ᠂ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠡᠷᠭᠡ ᠠᠵᠢᠯ᠎ᠢ ᠣᠢ᠌ᠯᠠᠭ᠋ᠠᠪᠠ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠨᠠᠮ᠎ᠤᠨ ᠡᠭᠦᠷ᠎ᠤᠨ ᠨᠠᠮ᠎ᠤᠨ ᠭᠡᠰᠢᠭᠦᠳ ᠲᠥᠪᠯᠡᠷᠡᠭᠦᠯᠦᠨ ᠰᠤᠷᠤᠯᠴᠠᠬᠤ ᠵᠢᠨ ᠬᠠᠮᠲᠤ ᠠᠵᠢᠯ᠎ᠤᠨ ᠲᠠᠯ᠎ᠠ᠎ᠪᠠᠷ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠢᠨᠠᠨ ᠪᠠᠢ᠌ᠴᠠᠭ᠋ᠠᠬᠤ ᠭᠠᠵᠠᠷ᠎ᠤᠨ ᠨᠠᠮ᠎ᠤᠨ ᠡᠭᠦᠷ᠎ᠤᠨ ᠱᠦᠵᠢ ᠶᠤᠸᠠᠨ ᠰᠢᠤ ᠯᠢᠩ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ ᠲᠣᠭᠲᠠᠭ᠋ᠠᠯ》᠎ᠢ ᠳᠠᠭ᠋ᠠᠭᠤᠯᠤᠨ ᠰᠤᠷᠤᠯᠴᠠᠵᠤ᠂ ᠲᠣᠭᠲᠠᠭ᠋ᠠᠯ᠎ᠤᠨ ᠪᠥᠬᠥ ᠠᠭᠤᠯᠭ᠎ᠠ᠎ᠳᠤ ᠲᠠᠢ᠌ᠯᠤᠮᠵᠢ ᠬᠢᠪᠡ; ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ ᠨᠠᠮ᠎ᠤᠨ ᠡᠭᠦᠷ᠎ᠤᠨ ᠱᠦᠵᠢ ᠠᠶᠤᠩᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》᠎ᠢ ᠳᠠᠭ᠋ᠠᠭᠤᠯᠤᠨ ᠰᠤᠷᠤᠯᠴᠠᠵᠤ᠂ 《ᠨᠢᠭᠡ ᠭᠣᠣᠯ ᠱᠤᠭᠤᠮ》 《ᠬᠣᠶᠠᠷ ᠭᠣᠣᠯᠳᠠᠯᠭ᠎ᠠ》 《ᠭᠤᠷᠪᠠᠨ ᠶᠡᠬᠡ ᠳᠠᠢ᠌ᠯᠠᠯᠳᠤᠭ᠋ᠠᠨ》 《ᠳᠥᠷᠪᠡᠨ ᠬᠦᠯᠢᠶᠡᠰᠦᠯᠡᠯ》 《ᠲᠠᠪᠤᠨ ᠲᠤᠯᠭ᠋ᠠᠭᠤᠷᠢᠯᠠᠯ》 ᠵᠡᠷᠭᠡ ᠲᠠᠯ᠎ᠠ᠎ᠪᠠᠷ ᠲᠠᠢ᠌ᠯᠤᠮᠵᠢ ᠬᠢᠪᠡ; ᠨᠠᠮ᠎ᠤᠨ ᠡᠭᠦᠷ᠎ᠤᠨ ᠨᠠᠮ᠎ᠤᠨ ᠭᠡᠰᠢᠭᠦᠳ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠱᠠᠲᠤ ᠬᠤᠪᠢᠶᠠᠨ ᠳᠦᠷᠦᠯ ᠬᠤᠪᠢᠶᠠᠨ ᠬᠠᠮᠢᠶᠠᠷᠬᠤ᠂ 2024 ᠣᠨ᠎ᠳᠤ ᠬᠠᠮᠲᠤᠷᠠᠨ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠶᠠᠪᠤᠳᠠᠯ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠨ ᠶᠠᠷᠢᠯᠴᠠᠪᠠ᠃
ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠬᠠᠮᠲᠤᠷᠠᠭᠰᠠᠨ ᠠᠵᠢᠯᠯᠠᠭ᠎ᠠ ᠪᠣᠯ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠨᠠᠮ᠎ᠤᠨ ᠪᠠᠢ᠌ᠭᠤᠯᠤᠯᠲᠠ ᠵᠢᠨ ᠴᠢᠳᠠᠪᠤᠷᠢ ᠣᠯᠭᠣᠬᠤ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠤᠯᠢ ᠶᠣᠰᠣᠭ᠋ᠠᠷ ᠥᠨᠳᠥᠷ ᠪᠦᠲᠦᠮᠵᠢᠲᠡᠢ ᠥᠷᠨᠢᠭᠦᠯᠬᠦ᠎ᠳᠤ ᠬᠦᠴᠦ ᠨᠡᠮᠡᠷᠢᠯᠡᠵᠦ᠂ ᠡᠭᠦᠨ ᠵᠶ᠋ᠡᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠵᠤ᠂ 《ᠬᠣᠶᠠᠷ ᠶᠡᠬᠡ ᠶᠠᠪᠤᠳᠠᠯ》᠎ᠢ ᠪᠡᠶᠡᠯᠡᠭᠦᠯᠬᠦ᠂ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠲᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠪᠣᠯᠣᠨ᠎ᠠ᠃