ᠬᠠᠩᠭᠢᠨ ᠬᠣᠰᠢᠭᠤ ᠳᠤᠮᠳᠠᠳᠤ ᠤᠯᠤᠰ᠎ᠤᠨ ᠤᠮᠠᠷᠠᠲᠤ ᠬᠢᠯᠢ᠎ᠳᠤ ᠪᠠᠢ᠌ᠷᠢᠯᠠᠵᠤ᠂ ᠣᠷᠳᠣᠰ ᠬᠤᠳᠠ ᠵᠢᠨ ᠪᠠᠷᠠᠭᠤᠨ ᠬᠣᠢ᠌ᠲᠤ ᠬᠡᠰᠡᠭ᠂ ᠬᠥᠬᠡᠬᠣᠲᠠ ᠪᠤᠭᠤᠲᠤ ᠣᠷᠳᠣᠰ ᠬᠤᠳᠠ ᠵᠢᠨ ᠬᠤᠳᠠ ᠪᠠᠯᠭ᠋ᠠᠰᠤᠨ᠎ᠤ ᠪᠦᠯᠦᠭᠯᠡᠯ᠎ᠤᠨ ᠭᠥᠪᠡᠭᠡ᠂ ᠬᠠᠳᠤᠨ ᠭᠣᠣᠯ᠎ᠤᠨ 《ᠶᠡᠬᠡ ᠲᠣᠬᠣᠢ》 ᠵᠢᠨ ᠪᠤᠯᠤᠩ᠎ᠤᠨ ᠡᠮᠦᠨ᠎ᠡ ᠡᠷᠭᠢ᠎ᠳᠤ ᠪᠠᠢ᠌ᠷᠢᠯᠠᠵᠤ᠂ ᠬᠠᠳᠤᠨ ᠭᠣᠣᠯ 249 ᠺᠢᠯᠣᠮᠧᠲᠷ ᠬᠢᠯᠢ᠎ᠪᠠᠷ᠎ᠨᠢ ᠥᠩᠭᠡᠷᠡᠵᠦ᠂ ᠪᠦᠬᠦ ᠤᠯᠤᠰ᠎ᠲᠤ ᠬᠠᠳᠤᠨ ᠭᠣᠣᠯ ᠬᠠᠮᠤᠭ᠎ᠤᠨ ᠤᠷᠳᠤ᠎ᠪᠠᠷ ᠤᠷᠤᠰ᠎ᠤᠨ ᠥᠩᠭᠡᠷᠡᠵᠦ ᠪᠠᠢ᠌ᠭ᠎ᠠ ᠬᠣᠰᠢᠭᠤ ᠰᠢᠶᠠᠨ ᠪᠣᠯᠬᠤ ᠪᠥᠭᠡᠳ ᠪᠠᠰᠠ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠴᠢᠬᠤᠯᠠ ᠣᠷᠣᠨ ᠪᠦᠰᠡ ᠪᠣᠯᠣᠨ᠎ᠠ᠃ ᠣᠢ᠌ᠷ᠎ᠠ ᠵᠢᠨ ᠵᠢᠯ᠎ᠠᠴᠠ᠂ ᠬᠠᠩᠭᠢᠨ ᠬᠣᠰᠢᠭᠤᠨ᠎ᠤ᠎ᠬᠢᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠡᠮ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠬᠦ ᠵᠢ ᠢᠮᠠᠭᠲᠠ ᠪᠠᠷᠢᠮᠲᠠᠯᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠵᠡᠢ᠃
ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠵᠢᠯ ᠳᠠᠷᠠᠭ᠋ᠠᠯᠠᠨ ᠠᠬᠢᠭᠤᠯᠵᠤ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠢ ᠵᠠᠰᠠᠬᠤ ᠠᠵᠢᠯ᠎ᠢ ᠥᠷᠨᠢᠭᠦᠯᠵᠦ᠂ 《ᠴᠠᠬᠢᠯᠭ᠋ᠠᠨ ᠵᠶ᠋ᠠᠷ ᠨᠡᠭᠦᠷᠡᠰᠦ ᠵᠢ ᠣᠷᠣᠯᠠᠭᠤᠯᠬᠤ》 ᠴᠡᠪᠡᠷ ᠳᠤᠯᠠᠭ᠋ᠠᠯᠭ᠎ᠠ ᠵᠢᠨ ᠵᠦᠢ᠍ᠯᠡᠰ᠎ᠢ ᠬᠡᠷᠡᠭᠵᠢᠭᠦᠯᠵᠦ᠂ 14 ᠨᠡᠭᠦᠷᠡᠰᠦ ᠰᠢᠲᠠᠭ᠋ᠠᠬᠤ ᠬᠦᠧᠧᠯᠦ ᠵᠢ ᠰᠢᠭᠰᠢᠭᠳᠡᠭᠦᠯᠪᠡ᠃ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ ᠵᠢᠨ ᠰᠢᠰᠲ᠋ᠧᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ 2022 ᠣᠨ᠎ᠳᠤ ᠪᠥᠬᠥ ᠬᠣᠰᠢᠭᠤᠨ᠎ᠤ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ᠎ᠢ 97.5%᠎ᠠᠴᠠ ᠳᠡᠭᠡᠭᠰᠢ ᠪᠣᠯᠭ᠋ᠠᠪᠠ᠃ ᠤᠰᠤᠨ᠎ᠤ ᠣᠷᠴᠢᠨ᠎ᠤ ᠶᠠᠰᠤ ᠴᠢᠨᠠᠷ᠎ᠢ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠰᠠᠢ᠌ᠵᠢᠷᠠᠭᠤᠯᠵᠤ᠂ ᠰᠢᠨ᠎ᠡ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠪᠠ ᠳᠤᠮᠳᠠ ᠤᠰᠤ ᠵᠢ ᠡᠷᠭᠢᠯᠳᠦᠭᠦᠯᠦᠨ ᠠᠰᠢᠭᠯᠠᠬᠤ ᠵᠢ ᠪᠠᠲᠤᠯᠠᠪᠠ᠃ ᠲᠥᠪ ᠬᠣᠲᠠ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠭᠰᠡᠨ ᠨᠣᠷᠮ᠎ᠠ ᠵᠢ 90%᠎ᠳᠤ ᠬᠦᠷᠭᠡᠵᠦ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠵᠢ 100%᠎ᠳᠤ ᠬᠦᠷᠭᠡᠵᠦ᠂ ᠪᠠᠢ᠌ᠭᠤᠯᠤᠭᠰᠠᠨ ᠣᠷᠣᠨ᠎ᠤ ᠳᠣᠲᠣᠷ᠎ᠠ ᠬᠠᠷ᠎ᠠ ᠦᠮᠡᠬᠡᠢ ᠤᠰᠤᠨ ᠴᠣᠭᠴᠠ ᠪᠠᠶ᠋ᠢᠬᠤ ᠦᠭᠡᠢ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠣᠲᠠ ᠪᠠᠯᠭ᠋ᠠᠰᠤ ᠵᠢᠨ ᠲᠣᠭᠣᠷᠢᠭ᠎ᠤᠨ ᠠᠮᠢᠳᠤᠷᠠᠯ᠎ᠤᠨ ᠬᠣᠭ ᠨᠣᠪᠰᠢ ᠵᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠨᠣᠷᠮ᠎ᠠ ᠵᠢ 100%᠂ ᠬᠣᠲᠠ ᠪᠠᠯᠭ᠋ᠠᠰᠤ ᠵᠢᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠨᠣᠷᠮ᠎ᠠ ᠵᠢ 100%᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠨᠣᠷᠮ᠎ᠠ ᠵᠢ 100%᠎ᠳᠤ ᠬᠦᠷᠭᠡᠪᠡ᠃
ᠠᠮᠢ ᠠᠬᠤᠢ ᠵᠢ ᠰᠡᠷᠭᠦᠭᠡᠨ ᠵᠠᠰᠠᠬᠤ ᠠᠵᠢᠯ ᠭᠠᠷᠮᠠᠭ᠋ᠠᠢ ᠦᠷ᠎ᠡ ᠪᠦᠲᠦᠮᠵᠢ ᠣᠯᠪᠠ᠃ ᠬᠠᠩᠭᠢᠨ ᠬᠣᠰᠢᠭᠤ ᠠᠮᠢ ᠠᠬᠤᠢ ᠵᠢᠨ ᠰᠠᠭᠤᠷᠢ ᠬᠡᠪᠡᠷᠡᠭ ᠭᠠᠵᠠᠷ ᠣᠷᠣᠨ ᠪᠣᠯᠤᠭᠰᠠᠨ᠎ᠤ ᠬᠤᠪᠢ᠎ᠳᠤ᠂ 《ᠡᠯᠡᠰᠦ ᠵᠢ ᠲᠤᠭᠤᠯᠬᠤ ᠵᠣᠷᠢᠭ ᠰᠠᠨᠠᠭ᠎ᠠ》 ᠵᠢ ᠪᠠᠳᠠᠷᠠᠭᠤᠯᠵᠤ᠂ 《ᠠᠮᠢ ᠠᠬᠤᠢ ᠵᠢᠨ ᠬᠠᠩᠭᠢᠨ》᠎ᠢ ᠦᠢ᠍ᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢᠨ ᠰᠢᠰᠲ᠋ᠧᠮᠲᠦ ᠵᠠᠰᠠᠯᠲᠠ ᠵᠢ ᠶᠡᠷᠦᠩᠬᠡᠢ᠌ᠯᠡᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠂ ᠡᠷᠭᠢᠯᠲᠡᠲᠦ ᠬᠥᠭᠵᠢᠯᠲᠡ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠪᠦᠲᠦᠮᠵᠢᠲᠡᠢ ᠠᠭᠤᠰᠤᠯᠴᠠᠭᠤᠯᠪᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ᠂ ᠪᠠᠶ᠋ᠢᠭ᠋ᠠᠯᠢ ᠵᠢᠨ ᠤᠢ ᠰᠢᠭᠤᠢ ᠵᠢ ᠬᠠᠮᠠᠭ᠋ᠠᠯᠠᠬᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠰᠢᠷᠭᠤᠯᠵᠢ ᠵᠢᠨ ᠤᠢ ᠰᠢᠭᠤᠢ ᠵᠢᠨ ᠵᠦᠢ᠍ᠯᠡᠰ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠨᠠᠢ᠌ᠳᠠ 1386.46 ᠲᠦᠮᠡᠨ ᠮᠦ᠍ ᠪᠡᠶᠡᠯᠡᠭᠦᠯᠪᠡ᠃ ᠤᠢ ᠰᠢᠭᠤᠢ ᠵᠢᠨ ᠪᠦᠷᠬᠦᠴᠡ ᠵᠢᠨ ᠨᠤᠷᠮ᠎ᠠ 1997 ᠣᠨ᠎ᠳᠤ 7.23% ᠪᠠᠢ᠌ᠭᠰᠠᠨ᠎ᠠᠴᠠ᠎ᠪᠠᠨ ᠨᠡᠮᠡᠭᠳᠡᠭᠡᠳ ᠣᠲᠣ 16.26% ᠪᠣᠯᠵᠠᠢ᠃ ᠬᠠᠲᠤᠨ ᠭᠣᠣᠯ᠎ᠤᠨ 《ᠶᠡᠬᠡ ᠲᠣᠬᠣᠢ ᠵᠢᠨ ᠬᠡᠰᠡᠭ》᠎ᠤᠨ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠬᠥᠪᠴᠢ ᠵᠢᠨ ᠡᠯᠡᠰᠦ ᠵᠢᠨ ᠵᠠᠰᠠᠯᠲᠠ ᠵᠢᠨ ᠪᠣᠭᠣᠮᠲᠠ ᠰᠢᠪᠲᠤᠯᠬᠤ ᠲᠡᠢ᠌ᠨ᠎ᠤ ᠵᠢᠱ᠌ᠢᠶ᠎ᠡ ᠦᠵᠡᠭᠦᠯᠬᠦ ᠣᠷᠣᠨ᠎ᠢ ᠪᠥᠬᠥ ᠬᠦᠴᠦᠨ ᠵᠶ᠋ᠡᠷ ᠵᠶ᠋ᠡᠨ ᠪᠠᠢ᠌ᠭᠤᠯᠵᠤ᠂ 《ᠣᠢ᠌ᠵᠢᠭᠤᠯᠵᠤ ᠡᠪᠡᠰᠦ ᠲᠠᠷᠢᠬᠤ᠂ ᠪᠢᠲᠡᠭᠦᠮᠵᠢᠯᠡᠨ ᠬᠠᠮᠠᠭ᠋ᠠᠯᠠᠬᠤ᠂ ᠰᠠᠢ᠌ᠵᠢᠷᠠᠭᠤᠯᠤᠨ ᠰᠡᠷᠭᠦᠭᠡᠬᠦ᠂ ᠤᠰᠤ ᠲᠠᠲᠠᠵᠤ ᠤᠰᠤᠯᠠᠬᠤ᠂ ᠭᠡᠷᠡᠯ ᠴᠡᠨᠡᠭ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠵᠢᠭᠤᠯᠴᠢᠯᠠᠯ》 ᠵᠡᠷᠭᠡ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ᠎ᠪᠠᠷ ᠳᠡᠮᠵᠢᠨ᠂ ᠬᠥᠪᠴᠢ ᠵᠢᠨ ᠡᠯᠡᠰᠦ ᠮᠠᠩᠬ᠎ᠠ ᠵᠢ ᠵᠠᠰᠠᠬᠤ ᠪᠠ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠣᠣᠰ ᠠᠮᠵᠢᠯᠲᠠ ᠵᠢ ᠪᠡᠶᠡᠯᠡᠭᠦᠯᠪᠡ᠃
ᠪᠣᠬᠢᠷᠲᠤᠯ ᠦᠭᠡᠢ ᠠᠵᠤ ᠦᠢ᠍ᠯᠡᠰ ᠲᠣᠭᠲᠠᠭᠤᠨ ᠵᠶ᠋ᠠᠷ ᠳᠠᠪᠰᠢᠪᠠ᠃ ᠬᠠᠩᠭᠢᠨ ᠬᠣᠰᠢᠭᠤ ᠠᠷᠢᠭᠤᠨ ᠴᠡᠪᠡᠷ ᠡᠨᠧᠷᠭᠢ ᠵᠢᠨ ᠭᠠᠷᠭ᠋ᠠᠯᠲᠠ ᠵᠢᠨ ᠴᠢᠬᠤᠯᠠ ᠰᠠᠭᠤᠷᠢᠨ ᠪᠣᠯᠤᠭᠰᠠᠨ᠎ᠤ ᠬᠤᠪᠢ᠎ᠳᠤ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠵᠠᠢ᠃ ᠲᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠡᠬᠢ ᠪᠠᠶᠠᠯᠢᠭ᠎ᠤᠨ ᠡᠯᠪᠡᠭ ᠪᠠᠶᠠᠯᠢᠭ ᠳᠠᠪᠠᠭᠤᠯᠢᠭ᠎ᠲᠤ ᠲᠦᠰᠢᠭᠯᠡᠨ᠂ ᠪᠦᠬᠦᠯᠢ ᠴᠣᠭᠴᠠ᠎ᠪᠠᠷ ᠠᠬᠢᠭᠤᠯᠵᠤ᠂ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠦᠨ᠂ 《ᠰᠠᠯᠬᠢ ᠨᠠᠷᠠᠨ ᠤᠰᠤᠲᠥ᠋ᠷᠥᠭᠴᠢ ᠨᠥᠭᠡᠴᠡᠯᠡᠬᠦ》 ᠰᠢᠨ᠎ᠡ ᠡᠨᠧᠷᠭᠢ ᠵᠢᠨ ᠰᠤᠷᠪᠤᠯᠵᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ 2022 ᠣᠨ᠎ᠳᠤ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢ 144 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 295 ᠲᠦᠮᠡᠨ ᠺᠢᠯᠣᠸᠠᠲ᠎ᠲᠤ ᠬᠦᠷᠭᠡᠪᠡ᠃ 《ᠨᠢᠭᠡᠳᠦᠭᠡᠷ ᠠᠵᠤ ᠦᠢ᠍ᠯᠡᠰ᠎ᠢ ᠳᠠᠬᠢᠨ ᠴᠣᠭᠴᠠᠯᠠᠬᠤ》 ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭ᠋ᠠᠨ᠎ᠤ ᠤᠨᠠᠯᠲᠠ 8.5 ᠳ᠋ᠦᠩᠰᠢᠭᠤᠷ ᠵᠢᠩ᠎ᠢ ᠳᠠᠪᠠᠵᠤ᠂ 《ᠠᠷᠪᠠ ᠶᠢᠰᠦᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠪᠡ; ᠮᠠᠯ ᠣᠨᠣᠭ᠎ᠠ ᠵᠢᠨ ᠲᠣᠭ᠎ᠠ ᠬᠡᠮᠵᠢᠶ᠎ᠡ ᠵᠢ 200 ᠲᠦᠮᠡ᠎ᠠᠴᠠ ᠳᠡᠭᠡᠭᠰᠢ ᠲᠣᠯᠣᠭ᠋ᠠᠢ᠎ᠳᠤ ᠲᠣᠭᠲᠠᠪᠤᠷᠢᠵᠢᠭᠤᠯᠵᠤ᠂ 《ᠠᠷᠪᠠᠨ ᠨᠠᠢ᠍ᠮᠠᠨ ᠵᠢᠯ ᠳᠠᠷᠠᠭ᠋ᠠᠯᠠᠨ ᠲᠣᠭᠲᠠᠭᠤᠨ ᠪᠠᠢ᠌ᠯᠭ᠋ᠠᠬᠤ》 ᠵᠢ ᠪᠡᠶᠡᠯᠡᠭᠦᠯᠪᠡ᠃ 1.1 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ᠂ 2107 ᠮᠦ᠍ ᠪᠣᠬᠢᠷᠲᠤᠯ ᠦᠭᠡᠢ ᠲᠣᠭ᠋ᠠᠴᠢᠯᠠᠭᠰᠠᠨ ᠥᠨᠳᠥᠷ ᠪᠠᠷᠢᠮᠵᠢᠶᠠᠲᠤ ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠪᠠ᠃ ᠬᠡᠪᠴᠢᠶᠡᠵᠢᠯ᠎ᠠᠴᠠ ᠳᠡᠭᠡᠭᠰᠢᠬᠢ ᠲᠠᠷᠢᠮᠠᠯ᠎ᠤᠨ ᠲᠣᠮᠣ ᠡᠷᠦᠬᠡ ᠵᠢ 70 ᠡᠷᠦᠬᠡ ᠰᠢᠨ᠎ᠡ᠎ᠪᠠᠷ ᠨᠡᠮᠡᠭᠳᠡᠭᠦᠯᠵᠦ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢ 87 ᠡᠷᠦᠬᠡ᠂ 15 ᠲᠦᠮᠡᠨ ᠮᠦ᠍ ᠲᠠᠷᠢᠶᠠᠨ ᠭᠠᠵᠠᠷ᠂ 20 ᠲᠦᠮᠡᠨ ᠮᠦ᠍ ᠬᠠᠳᠤᠯᠠᠩ ᠪᠡᠯᠴᠢᠭᠡᠷ᠎ᠢ ᠵᠣᠬᠢᠬᠤ ᠬᠡᠪᠴᠢᠶᠡᠵᠢᠭᠦᠯᠦᠨ ᠡᠵᠡᠩᠨᠡᠬᠦ ᠵᠢ ᠪᠡᠶᠡᠯᠡᠭᠦᠯᠪᠡ᠃ ᠰᠢᠨ᠎ᠡ᠎ᠪᠠᠷ ᠭᠡᠷᠡᠴᠢᠯᠡᠭᠰᠡᠨ ᠤᠯᠤᠰ᠎ᠤᠨ 《ᠬᠣᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ ᠨᠢᠭᠡ ᠰᠢᠨ᠎ᠡ》 ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ 10 ᠪᠠᠢ᠌ᠵᠤ᠂ ᠬᠠᠩᠭᠢᠨᠤ ᠲᠤᠲᠤᠷᠭ᠎ᠠ ᠵᠢ 《ᠪᠥᠬᠥ ᠤᠯᠤᠰ᠎ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ》᠎ᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ᠃