ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠪᠣᠯᠣᠨ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠪᠠᠢ᠌ᠷᠢᠯᠠᠭᠤᠯᠤᠯᠲᠠ ᠶᠣᠰᠣᠭ᠋ᠠᠷ᠂ 8 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ 《ᠦᠵᠡᠯ ᠰᠠᠨᠠᠭ᠎ᠠ ᠵᠢ ᠰᠤᠷᠤᠯᠴᠠᠵᠤ᠂ ᠨᠠᠮᠴᠢ ᠴᠢᠨᠠᠷ᠎ᠢ ᠴᠢᠩᠭ᠋ᠠᠳᠬᠠᠨ᠂ ᠦᠢ᠍ᠯᠡᠳᠦᠯᠭᠡ ᠵᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠢ᠌ᠭᠤᠯᠬᠤ》 ᠶᠡᠷᠦᠩᠬᠡᠢ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ᠂ ᠤᠬᠠᠮᠰᠠᠷ᠎ᠠᠴᠠ᠎ᠪᠠᠨ ᠠᠰᠠᠭᠤᠳᠠᠯ᠎ᠢ ᠪᠠᠢ᠌ᠴᠠᠭ᠋ᠠᠨ ᠦᠵᠡᠵᠦ᠂ ᠰᠢᠯᠲᠠᠭ᠋ᠠᠨ᠎ᠢ ᠭᠦᠨᠵᠡᠭᠡᠢ ᠵᠠᠳᠠᠯᠵᠤ᠂ ᠴᠡᠭᠴᠡᠯᠡᠨ ᠥᠭᠡᠷᠡᠴᠢᠯᠡᠬᠦ ᠬᠠᠷᠠᠯᠲᠠ᠎ᠪᠠᠨ ᠲᠣᠳᠣᠷᠬᠠᠢ᠌ᠯᠠᠵᠤ᠂ ᠪᠦᠬᠦ ᠨᠠᠮ᠎ᠤᠨ ᠭᠡᠰᠢᠭᠦᠨ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠭᠦᠨᠵᠡᠭᠡᠢ ᠥᠷᠨᠢᠭᠦᠯᠪᠡ᠃ ᠨᠠᠮ᠎ᠤᠨ ᠡᠭᠦᠷ᠎ᠤᠨ ᠱᠦᠵᠢ ᠴᠧᠨ ᠵᠢᠶᠦ᠋ᠨ ᠨᠥᠬᠥᠷ ᠬᠤᠷᠠᠯ᠎ᠢ ᠡᠷᠭᠢᠯᠡᠪᠡ᠃
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠲᠣᠭᠲᠠᠭᠰᠠᠨ ᠭᠣᠭᠴᠣᠭ᠎ᠠ ᠶᠣᠰᠣᠭ᠋ᠠᠷ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠲᠡᠷᠡ ᠬᠡᠪ ᠵᠶ᠋ᠡᠷ᠎ᠨᠢ ᠰᠠᠶ᠋ᠢᠲᠤᠷ ᠬᠢᠵᠡᠢ᠃ ᠬᠤᠷᠠᠯ᠎ᠠᠴᠠ ᠡᠮᠦᠨ᠎ᠡ ᠲᠥᠪᠯᠡᠷᠡᠭᠦᠯᠦᠨ ᠰᠤᠷᠤᠯᠴᠠᠬᠤ ᠵᠢ ᠲᠤᠰᠬᠠᠢ᠌ᠯᠠᠨ ᠵᠣᠬᠢᠶᠠᠨ ᠪᠠᠢ᠌ᠭᠤᠯᠵᠤ᠂ ᠦᠵᠡᠯ ᠰᠠᠨᠠᠭ᠎ᠠ᠎ᠪᠠᠨ ᠨᠢᠭᠡᠳᠬᠡᠨ᠂ ᠲᠠᠨᠢᠯᠲᠠ᠎ᠪᠠᠨ ᠳᠡᠭᠡᠭᠰᠢᠯᠡᠭᠦᠯᠪᠡ᠃ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ ᠵᠢ ᠭᠦᠨᠵᠡᠭᠡᠢ ᠥᠷᠨᠢᠭᠦᠯᠵᠦ᠂ ᠣᠯᠣᠯᠴᠠᠭ᠎ᠠ᠎ᠪᠠᠨ ᠴᠢᠩᠭ᠋ᠠᠳᠬᠠᠨ᠂ ᠣᠢ᠌ᠯᠠᠭ᠋ᠠᠯᠴᠠᠭ᠎ᠠ᠎ᠪᠠᠨ ᠨᠡᠮᠡᠭᠳᠡᠭᠦᠯᠪᠡ᠃ ᠤᠨᠤᠯ᠎ᠤᠨ ᠰᠤᠷᠤᠯᠴᠠᠯᠭ᠎ᠠ᠂ ᠤᠯᠤᠰ ᠲᠥᠷᠥ ᠵᠢᠨ ᠬᠡᠪ ᠴᠢᠨᠠᠷ᠂ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠵᠢᠯ᠎ᠤᠨ ᠰᠤᠷᠲᠠᠯ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠵᠡᠷᠭᠡ 6 ᠲᠠᠯ᠎ᠠ ᠵᠢᠨ ᠲᠣᠪᠣᠢ᠌ᠮ᠎ᠠ ᠠᠰᠠᠭᠤᠳᠠᠯ᠎ᠲᠠᠢ ᠬᠠᠷᠭᠤᠭᠤᠯᠤᠨ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠣᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠺᠠᠳ᠋ᠷ᠎ᠢ ᠠᠬᠢᠭᠤᠯᠬᠤ ᠲᠤᠬᠠᠢ 12 ᠵᠤᠷᠪᠤᠰ ᠪᠣᠳᠠᠲᠠᠢ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠨᠠᠮ᠎ᠤᠨ ᠡᠭᠦᠷ ᠵᠢᠴᠢ ᠨᠠᠮ᠎ᠤᠨ ᠡᠭᠦᠷ᠎ᠤᠨ ᠱᠦᠵᠢ ᠠᠰᠠᠭᠤᠳᠠᠯ᠎ᠢ ᠪᠦᠬᠦ ᠲᠠᠯ᠎ᠠ᠎ᠪᠠᠷ ᠡᠮᠬᠢᠯᠡᠵᠦ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠪᠣᠢ᠌ᠮ᠎ᠠ ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠳᠡᠯᠭᠡᠵᠦ᠂ ᠬᠠᠷᠭᠤᠭᠤᠯᠤᠨ ᠪᠠᠢ᠌ᠴᠠᠭ᠋ᠠᠬᠤ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠲᠤᠭᠤᠷᠪᠢᠪᠠ; ᠨᠠᠮ᠎ᠤᠨ ᠭᠡᠰᠢᠭᠦᠨ ᠬᠤᠪᠢ ᠬᠥᠮᠥᠨ ᠱᠠᠭ᠋ᠠᠷᠳᠠᠯᠭ᠎ᠠ ᠶᠣᠰᠣᠭ᠋ᠠᠷ ᠬᠤᠪᠢ ᠬᠥᠮᠥᠨ᠎ᠤ ᠠᠰᠠᠭᠤᠳᠠᠯ᠎ᠢ ᠪᠠᠢ᠌ᠴᠠᠭ᠋ᠠᠨ ᠳᠡᠯᠭᠡᠭᠰᠡᠨ ᠨᠠᠷᠢᠨ ᠳᠠᠩᠰᠠ ᠵᠢ ᠪᠢᠴᠢᠵᠦ᠂ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠳᠤ ᠭᠦᠢ᠍ᠴᠡᠳ ᠪᠡᠯᠡᠳᠬᠡᠯ ᠬᠢᠭᠰᠡᠨ ᠪᠠᠢ᠌ᠨ᠎ᠠ᠃
ᠬᠤᠷᠠᠯ ᠳᠡᠭᠡᠷ᠎ᠡ᠂ ᠴᠧᠨ ᠵᠢᠶᠦ᠋ᠨ ᠨᠥᠬᠥᠷ ᠡᠩ ᠲᠡᠷᠢᠭᠦᠨ᠎ᠳᠤ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠨᠡᠢ᠌ᠲᠡᠯᠡᠵᠡᠢ᠃ ᠳᠠᠷᠠᠭ᠎ᠠ᠎ᠳᠤ᠎ᠨᠢ᠂ ᠲᠡᠷᠡ ᠨᠠᠮ᠎ᠤᠨ ᠡᠭᠦᠷ᠎ᠢ ᠲᠥᠯᠥᠭᠡᠯᠡᠨ ᠬᠠᠷᠭᠤᠭᠤᠯᠤᠨ ᠪᠠᠢ᠌ᠴᠠᠭ᠋ᠠᠵᠤ᠂ ᠵᠢᠷᠭᠤᠭ᠋ᠠᠨ ᠲᠠᠯ᠎ᠠ᠎ᠠᠴᠠ ᠠᠰᠠᠭᠤᠳᠠᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ ᠳᠡᠯᠭᠡᠵᠦ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠲᠦᠷᠦᠭᠦᠯᠡᠨ ᠬᠤᠪᠢ ᠬᠥᠮᠥᠨ᠎ᠤ ᠶᠠᠷᠢᠶ᠎ᠠ ᠲᠠᠯᠪᠢᠵᠠᠢ᠃ ᠪᠤᠰᠤᠳ ᠨᠠᠮ᠎ᠤᠨ ᠭᠡᠰᠢᠭᠦᠨ ᠥᠪᠡᠷ᠎ᠤᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠ ᠠᠵᠢᠯ ᠵᠶ᠋ᠠᠨ ᠣᠷᠣᠭᠤᠯᠤᠨ᠂ ᠠᠰᠠᠭᠤᠳᠠᠯ᠎ᠤᠨ ᠵᠠᠩᠭᠢᠯᠠᠭ᠎ᠠ ᠵᠢ ᠭᠦᠨ ᠠᠭᠤᠳᠠᠯᠵᠤ᠂ ᠦᠵᠡᠯ ᠰᠠᠨᠠᠭ᠋ᠠᠨ᠎ᠤ ᠦᠨᠳᠦᠰᠦ ᠰᠤᠷᠪᠤᠯᠵᠢ᠎ᠪᠠᠨ ᠣᠨᠣᠪᠴᠢᠲᠠᠢ ᠡᠷᠢᠵᠦ᠂ ᠬᠠᠷᠢᠯᠴᠠᠨ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠲᠥᠪ ᠴᠢᠩᠭ᠎ᠠ ᠨᠠᠷᠢᠨ ᠬᠢᠨᠠᠮᠠᠭ᠋ᠠᠢ᠎ᠪᠠᠷ ᠥᠷᠨᠢᠭᠦᠯᠪᠡ᠃
ᠬᠤᠷᠠᠯ᠎ᠤᠨ ᠳᠠᠷᠠᠭ᠎ᠠ᠂ ᠴᠧᠨ ᠵᠢᠶᠦ᠋ᠨ ᠨᠥᠬᠥᠷ ᠳ᠋ᠦᠩᠨᠡᠯᠲᠡ ᠵᠢᠨ ᠦᠨᠡᠯᠡᠯᠲᠡ ᠬᠢᠪᠡ᠃ ᠴᠧᠨ ᠵᠢᠶᠦ᠋ᠨ᠂ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠪᠡᠯᠡᠳᠬᠡᠯ ᠭᠦᠢ᠍ᠴᠡᠳ ᠪᠠᠢ᠌ᠵᠤ᠂ ᠥᠪᠡᠷ᠎ᠤᠨ ᠰᠢᠭᠦᠮᠵᠢᠯᠡᠯ᠎ᠨᠢ ᠦᠵᠡᠯ ᠰᠠᠨᠠᠭ᠎ᠠ ᠵᠢ ᠬᠦᠨᠳᠡᠵᠤ᠂ ᠬᠠᠷᠢᠯᠴᠠᠨ ᠰᠢᠭᠦᠮᠵᠢᠯᠡᠬᠦ᠎ᠳᠡᠭᠡᠨ ᠦᠨᠡᠨᠴᠢ ᠰᠢᠳᠤᠷᠭᠤ ᠪᠠᠢ᠌ᠵᠤ᠂ ᠰᠢᠭᠦᠮᠵᠢᠯᠡᠯ᠎ᠳᠤ ᠳᠠᠷᠤᠤ ᠬᠢᠴᠢᠶᠡᠩᠭᠦᠢ᠎ᠪᠠᠷ ᠬᠠᠨᠳᠤᠵᠤ᠂ ᠦᠵᠡᠯ ᠰᠠᠨᠠᠭ᠎ᠠ᠎ᠪᠠᠨ ᠰᠣᠯᠢᠯᠴᠠᠬᠤ᠂ ᠠᠰᠠᠭᠤᠳᠠᠯ᠎ᠢ ᠪᠠᠢ᠌ᠴᠠᠭ᠋ᠠᠨ ᠳᠡᠯᠭᠡᠬᠦ᠂ ᠴᠢᠭᠯᠡᠯ ᠵᠶ᠋ᠡᠨ ᠲᠣᠳᠣᠷᠬᠠᠢ᠌ᠯᠠᠬᠤ ᠵᠣᠷᠢᠯᠭ᠎ᠠ᠎ᠳᠠᠭᠠᠨ ᠬᠦᠷᠴᠦ᠂ ᠪᠦᠯᠬᠦᠮᠳᠡᠯ᠎ᠢ ᠴᠢᠩᠭ᠋ᠠᠳᠬᠠᠬᠤ᠂ ᠠᠵᠢᠯ᠎ᠤᠨ ᠰᠤᠷᠲᠠᠯ᠎ᠢ ᠰᠠᠢ᠌ᠵᠢᠷᠠᠭᠤᠯᠬᠤ᠂ ᠵᠢᠱ᠌ᠢᠭᠰᠡᠨ ᠦᠷ᠎ᠡ ᠪᠦᠲᠦᠮᠵᠢ᠎ᠳᠡᠭᠡᠨ ᠬᠦᠷᠬᠦ᠎ᠳᠤ ᠲᠤᠰᠠᠲᠠᠢ ᠶᠤᠮ ᠭᠡᠵᠦ ᠵᠢᠭ᠋ᠠᠵᠤ ᠭᠠᠷᠭ᠋ᠠᠪᠠ᠃ ᠴᠧᠨ ᠵᠢᠶᠦ᠋ᠨ᠂ ᠪᠦᠬᠦ ᠨᠠᠮ᠎ᠤᠨ ᠭᠡᠰᠢᠭᠦᠨ ᠺᠠᠳ᠋ᠷ ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠤᠯᠤᠰ ᠲᠥᠷᠥ ᠵᠢᠨ ᠵᠠᠪᠠᠯ ᠰᠤᠷᠬᠤ ᠬᠢᠴᠢᠶᠡᠯ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠤᠨᠤᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠠᠴᠠ ᠣᠶᠤᠨ ᠤᠬᠠᠭ᠋ᠠᠨ᠎ᠤ ᠬᠦᠴᠦᠨ ᠴᠢᠳᠠᠯ ᠣᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠣᠯᠣᠨ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠣᠶᠠᠷ᠎ᠲᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠳᠤᠮᠳᠠ ᠬᠥᠭᠵᠢᠯᠲᠡ ᠵᠢ ᠠᠬᠢᠭᠤᠯᠵᠤ᠂ ᠬᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠶᠠᠪᠤᠳᠠᠯ》 ᠢ ᠪᠠᠭᠲᠠᠭ᠋ᠠᠵᠤ᠂ 《ᠤᠯᠤᠰ᠎ᠤᠨ ᠲᠣᠮᠣ ᠶᠠᠪᠤᠳᠠᠯ》᠎ᠢ ᠪᠠᠲᠤ ᠴᠡᠭᠡᠵᠢᠯᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃