2023 ᠣᠨ᠎ᠤ 6 ᠰᠠᠷ᠎ᠠ ᠵᠢᠨ 8᠎ᠤ ᠡᠳᠦᠷ᠎ᠠᠴᠠ 6 ᠰᠠᠷ᠎ᠠ ᠵᠢᠨ 12᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠪᠦᠯᠬᠦᠮ ᠳᠠᠭ᠋ᠠᠭᠤᠯᠤᠨ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠲᠤ ᠬᠦᠷᠴᠦ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃
ᠪᠠᠢ᠌ᠴᠠᠭ᠋ᠠᠨ ᠰᠤᠳᠤᠯᠬᠤ ᠬᠤᠭᠤᠴᠠᠭ᠋ᠠᠨ᠎ᠳᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠵᠡᠷᠭᠡ ᠠᠵᠢᠯ᠎ᠢ ᠥᠷᠨᠢᠭᠦᠯᠦᠭᠰᠡᠨ ᠪᠠᠶ᠋ᠢᠳᠠᠯ ᠵᠢᠴᠢ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ ᠪᠣᠯᠣᠨ ᠠᠰᠠᠭᠤᠳᠠᠯ᠎ᠢ ᠭᠦᠨᠵᠡᠭᠡᠢ ᠣᠢ᠌ᠯᠠᠭ᠋ᠠᠵᠤ᠂ ᠰᠠᠨᠠᠭᠤᠯᠭ᠎ᠠ ᠰᠠᠨᠠᠯ᠎ᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠭᠦᠨᠵᠡᠭᠡᠢ ᠰᠠᠨᠠᠯ ᠵᠶ᠋ᠡᠨ ᠰᠣᠯᠢᠯᠴᠠᠵᠤ ᠰᠤᠳᠤᠯᠤᠨ ᠶᠠᠷᠢᠯᠴᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠰᠢᠯᠢ ᠵᠢᠨ ᠭᠣᠣᠯ ᠠᠶ᠋ᠢᠮᠠᠭ᠎ᠲᠤ ᠠᠵᠤ ᠠᠬᠤᠢ᠌ᠯᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠭᠤᠷᠬᠠᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ᠂ ᠥᠨᠳᠥᠷ ᠲᠦᠪᠰᠢᠨ᠎ᠲᠠᠢ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠴᠢ ᠠᠮᠢ ᠠᠬᠤᠢ ᠵᠢᠨ ᠵᠤᠭ᠋ᠠᠴᠠᠯ᠎ᠤᠨ ᠬᠥᠭᠵᠢᠯᠲᠡ ᠵᠡᠷᠭᠡ ᠪᠠᠶ᠋ᠢᠳᠠᠯ᠎ᠢ ᠪᠠᠢ᠌ᠴᠠᠭ᠋ᠠᠨ ᠰᠤᠳᠤᠯᠵᠤ᠂ ᠬᠢᠩᠭ᠋ᠠᠨ ᠠᠶ᠋ᠢᠮᠠᠭ᠎ᠲᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ᠂ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠬᠤᠪᠢᠷᠠᠭᠤᠯᠤᠭᠰᠠᠨ ᠵᠡᠷᠭᠡ ᠪᠠᠶ᠋ᠢᠳᠠᠯ᠎ᠢ ᠪᠠᠢ᠌ᠴᠠᠭ᠋ᠠᠨ ᠰᠤᠳᠤᠯᠵᠠᠢ᠃
ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ᠂ ᠠᠮᠢ ᠠᠬᠤᠢ ᠵᠢᠨ ᠪᠣᠯᠪᠠᠰᠤᠨ᠎ᠢ ᠡᠭᠦᠳᠦᠨ ᠪᠠᠢ᠌ᠭᠤᠯᠬᠤ ᠠᠵᠢᠯ᠎ᠢ ᠨᠠᠩ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠲᠣᠰ ᠪᠡᠶ᠎ᠡ ᠵᠢᠨ ᠳᠠᠪᠠᠭᠤᠯᠢᠭ᠎ᠲᠠᠭᠠᠨ ᠰᠠᠭᠤᠷᠢᠯᠠᠨ᠂ ᠲᠣᠰ ᠪᠡᠶ᠎ᠡ ᠵᠢᠨ ᠣᠨᠴᠠᠯᠢᠭ ᠵᠶ᠋ᠠᠨ ᠢᠯᠡᠷᠡᠭᠦᠯᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ᠎ᠢ ᠳ᠋ᠦᠩᠨᠡᠨ ᠪᠦᠷᠢᠯᠳᠦᠭᠦᠯᠵᠦ᠂ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ᠎ᠳᠤ ᠵᠢᠱ᠌ᠢᠶ᠎ᠡ ᠦᠵᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠲᠡᠷᠡ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠢ ᠨᠠᠷᠢᠨ ᠬᠢᠨᠠᠮᠠᠭ᠋ᠠᠢ ᠦᠢ᠍ᠯᠡᠳᠦᠯᠭᠡᠵᠢᠭᠦᠯᠵᠦ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠬᠤᠪᠢᠷᠠᠭᠤᠯᠬᠤ ᠵᠠᠭᠪᠤᠷ ᠪᠣᠯᠣᠨ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠠᠵᠤ ᠠᠬᠤᠢ ᠵᠢᠨ ᠦᠷ᠎ᠡ ᠠᠰᠢᠭ᠂ ᠨᠡᠢ᠌ᠭᠡᠮ᠎ᠤᠨ ᠦᠷ᠎ᠡ ᠠᠰᠢᠭ ᠪᠣᠯᠭ᠋ᠠᠨ ᠬᠤᠪᠢᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠣᠣᠰ ᠠᠮᠵᠢᠯᠲᠠ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠤᠰ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ᠎ᠳᠤ ᠣᠷᠣᠨ ᠨᠤᠲᠤᠭ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ᠎ᠢ ᠨᠠᠷᠢᠨ ᠡᠵᠡᠮᠳᠡᠵᠦ᠂ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠬᠡᠯᠪᠡᠷᠢ ᠵᠢ ᠭᠦᠨᠵᠡᠭᠡᠢ ᠰᠤᠳᠤᠯᠵᠤ᠂ ᠪᠦᠬᠦ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠴᠢᠨᠠᠭᠰᠢᠳᠠ ᠴᠢᠩᠭ᠋ᠠᠳᠬᠠᠬᠤ᠎ᠳᠤ ᠰᠠᠭᠤᠷᠢ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠠᠮᠢᠶ᠎ᠠ ᠪᠦᠬᠦᠢ ᠬᠥᠮᠥᠰ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠵᠤ᠂ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠵᠡᠢ᠃