ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠰᠤᠳᠤᠯᠭ᠋ᠠᠨ᠎ᠤ ᠳᠦᠷᠦᠯ ᠵᠦᠢ᠍ᠯ᠎ᠤᠨ ᠤᠷᠢᠳᠴᠢᠯᠠᠨ ᠬᠢᠨᠠᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2023-09-08

      2023 ᠣᠨ᠎ᠤ 8 ᠰᠠᠷ᠎ᠠ ᠵᠢᠨ 7᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠢ᠌ᠳᠠᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠬᠥᠬᠡᠬᠣᠲᠠ᠎ᠳᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠰᠤᠳᠤᠯᠭ᠋ᠠᠨ᠎ᠤ ᠲᠥᠷᠥᠯ ᠵᠦᠢ᠍ᠯ᠎ᠤᠨ ᠤᠷᠢᠳᠴᠢᠯᠠᠨ ᠬᠢᠨᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠤᠷᠠᠯ᠎ᠠᠴᠠ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ᠂ ᠤᠯᠤᠰ᠎ᠤᠨ ᠠᠭᠤᠷ ᠠᠮᠢᠰᠬᠤᠯ᠎ᠤᠨ ᠲᠥᠪ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠡᠷᠭᠡ ᠡᠯ᠎ᠡ ᠬᠠᠮᠢᠶ᠎ᠠ ᠪᠦᠬᠦᠢ ᠠᠵᠢᠯ ᠳᠦᠷᠦᠯ᠎ᠤᠨ ᠣᠷᠣᠨ ᠪᠦᠰᠡ ᠵᠢᠨ ᠲᠤᠰᠬᠠᠢ ᠮᠡᠷᠭᠡᠵᠢᠯᠲᠡᠨ᠎ᠢ ᠤᠷᠢᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠪᠠᠶ᠋ᠢᠳᠠᠯ᠎ᠤᠨ ᠵᠠᠳᠠᠯᠤᠯᠲᠠ ᠵᠢᠨ ᠮᠡᠳᠡᠭᠦᠯᠦᠯᠲᠡ》 ᠵᠢ ᠤᠷᠢᠳᠴᠢᠯᠠᠨ ᠬᠢᠨᠠᠪᠠ᠃ ᠡᠯ᠎ᠡ ᠲᠤᠰᠬᠠᠢ ᠮᠡᠷᠭᠡᠵᠢᠯᠲᠡᠨ 《ᠮᠤᠵᠢ ᠵᠢᠨ ᠱᠠᠲᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢᠨ ᠲᠥᠰᠥᠯ᠎ᠢ ᠨᠠᠢ᠌ᠷᠠᠭᠤᠯᠤᠨ ᠵᠣᠬᠢᠶᠠᠬᠤ ᠵᠦᠭᠯᠡᠭᠦᠷ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠲᠣᠰ ᠲᠣᠰ᠎ᠤᠨ ᠬᠦᠷᠢᠶ᠎ᠡ ᠴᠠᠷᠠᠭ᠎ᠠ᠎ᠳᠤ ᠬᠣᠯᠪᠣᠭᠳᠠᠭᠰᠠᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠣᠳᠣᠬᠢ ᠪᠠᠶ᠋ᠢᠳᠠᠯ᠂ ᠭᠣᠣᠯᠳᠠᠯᠭ᠎ᠠ᠎ᠲᠠᠢ ᠡᠭᠦᠷᠭᠡ᠂ ᠴᠢᠬᠤᠯᠠ ᠶᠡᠬᠡ ᠢᠨᠵᠧᠨᠧᠷᠢᠩ ᠵᠡᠷᠭᠡ᠎ᠳᠤ ᠰᠠᠨᠠᠯ ᠰᠠᠨᠠᠭᠤᠯᠭ᠎ᠠ ᠳᠤᠷᠠᠳᠪᠠ᠃

      ᠲᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠮᠢᠶ᠎ᠠ ᠪᠦᠬᠦᠢ ᠨᠢᠭᠡᠴᠢ ᠵᠢ ᠵᠣᠬᠢᠶᠠᠨ ᠪᠠᠢ᠌ᠭᠤᠯᠵᠤ ᠲᠤᠰᠬᠠᠢ ᠮᠡᠷᠭᠡᠵᠢᠯᠲᠡᠨ᠎ᠤ ᠰᠠᠨᠠᠯ ᠶᠣᠰᠣᠭ᠋ᠠᠷ ᠵᠠᠳᠠᠯᠤᠯᠲᠠ ᠵᠢᠨ ᠮᠡᠳᠡᠭᠦᠯᠦᠯᠲᠡ ᠵᠢ ᠤᠯᠠᠮ ᠴᠢᠨᠠᠭᠰᠢᠳᠠ ᠵᠠᠰᠠᠨ ᠲᠡᠭᠦᠯᠳᠡᠷᠵᠢᠭᠦᠯᠬᠦ ᠵᠢᠨ ᠬᠠᠮᠲᠤ ᠮᠡᠳᠡᠭᠦᠯᠦᠯᠲᠡ ᠵᠢᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠵᠤ᠂ ᠮᠤᠵᠢ ᠵᠢᠨ ᠱᠠᠲᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢᠨ ᠲᠥᠰᠥᠯ᠎ᠢ ᠲᠣᠭᠲᠠᠭ᠋ᠠᠵᠤ᠂ ᠲᠥᠰᠥᠯ᠎ᠤᠨ ᠬᠠᠷᠠᠯᠲᠠ ᠲᠣᠳᠣᠷᠬᠠᠢ᠂ ᠡᠭᠦᠷᠭᠡ ᠠᠷᠭ᠎ᠠ ᠬᠡᠮᠵᠢᠶ᠎ᠡ ᠵᠣᠬᠢᠰᠲᠠᠢ ᠪᠠᠶ᠋ᠢᠬᠤ ᠵᠢ ᠪᠠᠲᠤᠯᠠᠵᠤ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢ ᠥᠷᠨᠢᠭᠦᠯᠬᠦ᠎ᠳᠤ ᠳᠡᠮᠵᠢᠯᠭᠡ ᠬᠠᠩᠭ᠋ᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠲᠤ ᠬᠦᠷᠴᠦ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠨᠠᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ ᠬᠦᠴᠦ᠎ᠪᠠᠨ ᠬᠠᠮᠲᠤᠳᠬᠠᠨ ᠭᠠᠷ ᠬᠣᠯᠪᠣᠨ ᠬᠠᠮᠲᠤᠪᠠᠷ ᠤᠷᠤᠭᠰᠢᠯᠠᠵᠤ ᠬᠢᠨᠠᠯᠲᠠ ᠲᠠᠯᠪᠢᠬᠤ ᠵᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠬᠠᠩᠭᠢᠨ ᠬᠣᠰᠢᠭᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号