ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠮᠧᠲ᠋ᠠᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠬᠠᠮᠢᠶᠠᠷᠤᠯᠲᠠ᠎ᠶᠢᠨ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2025-11-08

       ᠣᠢᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠮᠧᠲ᠋ᠠᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠬᠠᠮᠢᠶᠠᠷᠤᠯᠲᠠ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠠᠵᠢᠯ᠎ᠤᠨ ᠪᠠᠷᠠᠯᠠᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ ᠃ ᠲᠣᠰ ᠤᠳᠠᠭᠠᠨ᠎ᠤ ᠪᠣᠯᠪᠠᠰᠤᠷᠠᠯ᠎ᠤᠨ ᠵᠣᠷᠢᠯᠭ᠎ᠠ ᠨᠢ 《 ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭᠠᠨ᠎ᠤ ᠲᠥᠰᠥᠯ 》᠎ᠢ ᠭᠦᠨᠵᠡᠭᠡᠢ ᠨᠠᠢᠳᠠᠪᠤᠷᠢᠵᠢᠭᠤᠯᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠮᠧᠲ᠋ᠠᠨ᠎ᠤ ᠭᠠᠳᠠᠭᠰᠢᠯᠠᠭᠤᠯᠤᠯᠲᠠ᠎ᠶᠢ ᠪᠠᠢᠩᠭᠤᠵᠢᠭᠤᠯᠤᠨ ᠲᠣᠭᠠᠴᠠᠭ᠎ᠠ ᠬᠢᠬᠦ ᠪᠠ ᠮᠡᠳᠡᠭᠦᠯᠬᠦ ᠳᠦᠷᠢᠮ᠎ᠢ ᠪᠠᠶ᠋ᠢᠭᠤᠯᠬᠤ᠎ᠶᠢ ᠲᠦᠯᠬᠢᠨ ᠠᠬᠢᠭᠤᠯᠵᠤ ᠂ ᠮᠧᠲ᠋ᠠᠨ᠎ᠤ ᠲᠣᠭ᠎ᠠ ᠪᠦᠷᠢᠳᠬᠡᠯ᠎ᠦᠨ ᠲᠣᠭᠠᠴᠠᠭ᠎ᠠ ᠬᠢᠬᠦ ᠪᠠ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠥᠯᠥᠭᠡ ᠶᠤᠮ᠃
       ᠪᠣᠯᠪᠠᠰᠤᠷᠠᠯ᠎ᠤᠨ ᠠᠩᠭᠢ ᠨᠢ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠᠢᠯᠳᠤᠬᠤ ᠪᠣᠳᠣᠯᠭ᠎ᠠ᠎ᠶᠢᠨ ᠰᠤᠳᠤᠯᠭᠠᠨ ᠪᠠ ᠣᠯᠠᠨ ᠤᠯᠤᠰ᠎ᠤᠨ ᠬᠠᠮᠲᠤᠷᠠᠯᠴᠠᠭᠠᠨ᠎ᠤ ᠲᠥᠪ᠎ᠦᠨ ᠲᠤᠰᠬᠠᠢ ᠮᠡᠷᠭᠡᠵᠢᠯᠲᠡᠨ᠎ᠢ ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠬᠠᠮᠢᠶᠠᠷᠤᠯᠲᠠ᠎ᠶᠢᠨ ᠱᠠᠭᠠᠷᠳᠠᠯᠭ᠎ᠠ᠂ ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠨᠠᠨ ᠬᠡᠮᠵᠢᠬᠦ᠂ ᠬᠢᠵᠠᠭᠠᠷᠯᠠᠬᠤ ᠵᠢᠴᠢ MRV ( ᠬᠢᠨᠠᠨ ᠬᠡᠮᠵᠢᠬᠦ᠂ ᠮᠡᠳᠡᠭᠦᠯᠬᠦ᠂ ᠬᠠᠷᠭᠤᠭᠤᠯᠤᠨ ᠪᠠᠢᠴᠠᠭᠠᠬᠤ ) ᠰᠢᠰᠲᠧᠮ᠎ᠦᠨ ᠪᠠᠢᠭᠤᠯᠤᠯᠲᠠ᠎ᠶᠢᠨ ᠠᠬᠢᠴᠠ ᠬᠢᠭᠡᠳ ᠦᠢᠯᠡᠳᠦᠯᠭᠡ᠂ ᠵᠢᠴᠢ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠠᠯᠵᠢᠶᠠᠨ᠎ᠤ ᠲᠣᠭᠲᠠᠴᠠ ᠬᠢᠭᠡᠳ ᠮᠧᠲ᠋ᠠᠨ᠎ᠤ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠷᠭ᠎ᠠ᠎ᠶᠢᠨ ᠤᠬᠠᠭᠠᠨ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠢᠰᠲᠧᠮ᠎ᠲᠠᠢ ᠲᠠᠢᠯᠪᠤᠷᠢᠯᠠᠯᠲᠠ ᠬᠢᠭᠰᠡᠨ ᠪᠥᠭᠡᠳ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠᠢᠯᠳᠤᠬᠤ ᠪᠣᠳᠣᠯᠭ᠎ᠠ᠎ᠶᠢᠨ ᠬᠡᠷᠡᠭᠵᠢᠭᠦᠯᠦᠯᠲᠡ ᠬᠢᠭᠡᠳ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠢᠯ᠎ᠢ ᠪᠠᠷᠠᠯᠠᠵᠠᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠡᠴᠡ ᠠᠵᠤ ᠠᠬᠤᠢᠯᠠᠯ᠎ᠢ ᠵᠢᠯᠣᠭᠣᠳᠤᠨ ᠮᠧᠲ᠋ᠠᠨ ᠭᠠᠳᠠᠭᠰᠢᠯᠠᠭᠤᠯᠬᠤ᠎ᠶᠢᠨ ᠲᠣᠭᠠᠴᠠᠭ᠎ᠠ ᠬᠢᠬᠦ᠎ᠳᠦ ᠱᠠᠭᠠᠷᠳᠠᠭᠳᠠᠬᠤ ᠪᠣᠯᠵᠣᠯᠲᠤ ᠲᠣᠭᠠᠨ᠎ᠤ ᠬᠦᠰᠦᠨᠦᠭᠲᠦ᠎ᠶᠢ ᠲᠠᠭᠯᠠᠪᠠ᠃
       ᠲᠣᠰ ᠤᠳᠠᠭᠠᠨ᠎ᠤ ᠪᠣᠯᠪᠠᠰᠤᠷᠠᠯ᠎ᠢ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》᠎ᠶᠢ ᠤᠶᠠᠯᠳᠤᠭᠤᠯᠬᠤ ᠠᠷᠭ᠎ᠠ ᠮᠠᠶᠢᠭ᠋᠎ᠢᠶᠠᠷ ᠶᠠᠪᠤᠭᠳᠠᠭᠤᠯᠵᠤ ᠂ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠬᠠᠮᠢᠶᠠᠷᠤᠯᠲᠠ᠎ᠶᠢᠨ ᠠᠵᠢᠯᠲᠠᠨ ᠵᠢᠴᠢ ᠭᠣᠣᠯᠳᠠᠯᠭ᠎ᠠ᠎ᠲᠠᠢ ᠨᠡᠭᠦᠷᠡᠰᠦᠨ ᠠᠭᠤᠷᠬᠠᠢ᠎ᠶᠢᠨ ᠠᠵᠤ ᠠᠬᠤᠢᠯᠠᠯ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠂ ᠬᠣᠭ ᠨᠣᠪᠰᠢ ᠪᠤᠯᠠᠬᠤ ᠲᠠᠯᠠᠪᠠᠶ ᠵᠡᠷᠭᠡ ᠭᠣᠣᠯᠳᠠᠯᠭ᠎ᠠ᠎ᠲᠠᠢ ᠬᠢᠵᠠᠭᠠᠷᠯᠠᠨ ᠭᠠᠳᠠᠭᠰᠢᠯᠠᠭᠤᠯᠬᠤ ᠨᠢᠭᠡᠴᠢ᠎ᠶᠢᠨ ᠬᠠᠮᠢᠶ᠎ᠠ ᠪᠦᠬᠦᠢ ᠮᠡᠷᠭᠡᠵᠢᠯ᠎ᠦᠨ ᠠᠵᠢᠯᠲᠠᠨ ᠪᠣᠯᠪᠠᠰᠤᠷᠠᠯ᠎ᠳᠤ ᠣᠷᠣᠯᠴᠠᠪᠠ᠃
       ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠶᠢ ᠡᠷᠭᠢᠯᠡᠭᠰᠡᠨ ᠨᠢ ᠥᠪᠥᠷ ᠮᠣᠩᠭᠣᠯ᠎ᠤᠨ 《 ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭᠠᠨ᠎ᠤ ᠲᠥᠰᠥᠯ 》᠎ᠢ ᠨᠠᠢᠳᠠᠪᠤᠷᠢᠵᠢᠭᠤᠯᠵᠤ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠪᠣᠯᠪᠠᠰᠤᠷᠠᠯ᠎ᠢᠶᠠᠷ ᠤᠬᠠᠭᠤᠯᠤᠨ ᠲᠤᠭᠤᠰᠢᠯᠠᠭᠤᠯᠬᠤ᠎ᠪᠠᠷ ᠳᠠᠮᠵᠢᠭᠤᠯᠤᠨ ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠮᠧᠲ᠋ᠠᠨ ᠭᠠᠳᠠᠭᠰᠢᠯᠠᠭᠤᠯᠬᠤ᠎ᠶᠢ ᠬᠢᠵᠠᠭᠠᠷᠯᠠᠬᠤ ᠲᠥᠷᠥ᠎ᠶᠢᠨ ᠪᠣᠳᠣᠯᠭ᠎ᠠ᠎ᠶᠢᠨ ᠲᠤᠬᠠᠢ ᠠᠵᠤ ᠠᠬᠤᠢᠯᠠᠯ᠎ᠤᠨ ᠣᠢᠯᠠᠭᠠᠯᠲᠠ ᠪᠠ ᠡᠵᠡᠮᠳᠡᠯ᠎ᠢ ᠴᠢᠩᠭᠠᠳᠬᠠᠵᠤ ᠂ ᠮᠧᠲ᠋ᠠᠨ ᠭᠠᠳᠠᠭᠰᠢᠯᠠᠭᠤᠯᠬᠤ᠎ᠶᠢ ᠪᠦᠷᠢᠳᠬᠡᠵᠦ ᠲᠣᠭᠠᠴᠠᠭ᠎ᠠ ᠬᠢᠬᠦ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠬᠦ᠎ᠪᠡᠷ ᠳᠠᠮᠵᠢᠭᠤᠯᠤᠨ ᠂ ᠮᠧᠲ᠋ᠠᠨ ᠭᠠᠳᠠᠭᠰᠢᠯᠠᠭᠤᠯᠬᠤ᠎ᠶᠢ ᠬᠢᠵᠠᠭᠠᠷᠯᠠᠬᠤ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠶᠢ ᠪᠡᠶᠡᠯᠡᠭᠦᠯᠬᠦ᠎ᠳᠦ ᠬᠦᠴᠦᠨ ᠴᠢᠳᠠᠯ᠎ᠢᠶᠠᠨ ᠡᠷᠭᠦᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号