ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠨᠠᠮᠴᠠ ᠪᠠᠷᠸ᠎ᠠ — ᠲᠥᠪᠡᠳ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠥᠨᠳᠥᠷᠯᠢᠭ᠎ᠢ ᠡᠭᠦᠳᠦᠨ ᠪᠠᠢ᠌ᠭᠤᠯᠬᠤ ᠶᠠᠷᠢᠶᠠᠨ᠎ᠤ ᠲᠠᠪᠴᠠᠩ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ
ᠨᠡᠶ᠋ᠢᠲᠡᠯᠡᠭᠰᠡᠨ ᠴᠠᠭ᠄ 2023-09-18

      9 ᠰᠠᠷ᠎ᠠ ᠵᠢᠨ 10᠎ᠤ ᠡᠳᠦᠷ᠂ ᠠᠩᠬᠠᠳᠤᠭ᠋ᠠᠷ ᠬᠤᠭᠤᠴᠠᠭ᠋ᠠᠨ᠎ᠤ 《ᠨᠠᠮᠴᠠ ᠪᠠᠷᠸ᠎ᠠ — ᠲᠥᠪᠡᠳ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠥᠨᠳᠥᠷᠯᠢᠭ᠎ᠢ ᠡᠭᠦᠳᠦᠨ ᠪᠠᠢ᠌ᠭᠤᠯᠬᠤ ᠶᠠᠷᠢᠶᠠᠨ᠎ᠤ ᠲᠠᠪᠴᠠᠩ》 ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠯᠢᠨ ᡁᠢ ᠬᠣᠲᠠ᠎ᠳᠤ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠶᠠᠨ ᠵᠢᠨ ᠬᠠᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠵᠧᠦ ᠴᠢ ᠶᠠᠷᠢᠶᠠᠨ᠎ᠤ ᠲᠠᠪᠴᠠᠩ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠶᠠᠷᠢᠶᠠᠨ᠎ᠤ ᠲᠠᠪᠴᠠᠩ᠎ᠢ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠪᠠᠢ᠌ᠩᠭᠤ ᠵᠢᠨ ᠳᠡᠳ᠋ ᠲᠡᠷᠢᠭᠦᠯᠡᠭᠴᠢ ᠰᠢᠶᠣᠣ ᠶᠢᠦ ᠼᠠᠢ ᠡᠷᠬᠢᠯᠡᠪᠡ᠃

      ᠬᠤᠸᠠᠩ ᠷᠦᠨ ᠴᠢᠦ ᠪᠠᠶᠠᠷ᠎ᠤᠨ ᠦᠭᠡ᠎ᠳᠡᠭᠡᠨ᠂ ᠡᠨᠡ ᠵᠢᠯ᠎ᠤᠨ 7 ᠰᠠᠷ᠎ᠠ᠎ᠳᠤ ᠬᠤᠷᠠᠯᠳᠤᠭᠰᠠᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠴᠢᠨᠠᠭᠰᠢᠳᠠ ᠰᠢᠨ᠎ᠡ᠎ᠪᠠᠷ ᠡᠭᠦᠳᠴᠦ᠂ ᠪᠠᠶᠠᠯᠢᠭᠵᠢᠭᠤᠯᠤᠨ ᠬᠥᠭᠵᠢᠭᠦᠯᠵᠦ᠂ ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠎ᠳᠤ ᠤᠨᠤᠯ᠎ᠤᠨ ᠵᠢᠯᠣᠭᠣᠳᠤᠯᠭ᠎ᠠ ᠪᠠ ᠦᠨᠳᠦᠰᠦᠨ ᠵᠢᠷᠤᠮᠯᠠᠯ ᠬᠠᠩᠭ᠋ᠠᠵᠤ᠂ ᠪᠠᠰᠠ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠪᠣᠯᠪᠠᠰᠤᠨ᠎ᠤ ᠥᠨᠳᠥᠷᠯᠢᠭ᠎ᠢ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨᠴᠢ ᠵᠦᠭᠯᠡᠭᠦᠷ ᠪᠠ ᠠᠵᠢᠯᠯᠠᠭ᠋ᠠᠨ᠎ᠤ ᠬᠥᠲᠥᠯᠪᠦᠷᠢ ᠵᠢ ᠬᠠᠩᠭ᠋ᠠᠵᠠᠢ᠃ ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠦᠷᠭᠦᠯᠵᠢᠯᠡᠬᠦ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ᠂ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠤᠯᠢ》 ᠵᠢ ᠨᠡᠢ᠌ᠲᠡᠯᠡᠨ ᠬᠡᠷᠡᠭᠵᠢᠭᠦᠯᠵᠦ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠎ᠳᠤ ᠴᠢᠬᠤᠯᠠ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ ᠭᠡᠪᠡ᠃

      ᠬᠤᠸᠠᠩ ᠷᠦᠨ ᠴᠢᠦ᠂ ᠲᠥᠪᠡᠳ ᠪᠣᠯ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠭᠣᠣᠯ ᠴᠣᠭᠴᠠ ᠮᠥᠨ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠬᠦ ᠬᠡᠷᠡᠭᠲᠡᠢ᠃ ᠪᠠᠢ᠌ᠯᠳᠤᠬᠤ ᠪᠣᠳᠣᠯᠭ᠎ᠠ ᠵᠢᠨ ᠰᠡᠳᠬᠢᠬᠦᠢ ᠵᠢ ᠪᠠᠷᠢᠮᠲᠠᠯᠠᠵᠤ᠂ ᠨᠡᠩ ᠥᠨᠳᠥᠷᠴᠡ᠂ ᠨᠡᠩ ᠥᠷᠭᠡᠨ ᠬᠠᠷᠠᠭ᠋ᠠᠰᠤ᠂ ᠨᠡᠩ ᠶᠡᠬᠡ ᠡᠷᠴᠢᠮ ᠵᠶ᠋ᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠲᠥᠰᠥᠪᠯᠡᠨ ᠠᠬᠢᠭᠤᠯᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠵᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠪᠡᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠦᠨᠡᠨᠬᠦ ᠰᠠᠶ᠋ᠢᠲᠤᠷ ᠬᠠᠮᠠᠭ᠋ᠠᠯᠠᠬᠤ ᠬᠡᠷᠡᠭᠳᠡᠢ᠃ ᠬᠤᠪᠢᠰᠤᠩᠭᠤᠢ ᠰᠡᠳᠬᠢᠬᠦᠢ ᠵᠢ ᠪᠠᠷᠢᠮᠲᠠᠯᠠᠵᠤ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠳᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠵᠢᠯ ᠳᠦᠷᠦᠯ᠎ᠤᠨ ᠰᠢᠰᠲ᠋ᠧᠮ ᠵᠶ᠋ᠡᠷ ᠵᠶ᠋ᠡᠨ ᠲᠥᠪᠡᠳ᠎ᠢ ᠲᠤᠰᠠᠯᠠᠬᠤ ᠠᠵᠢᠯ᠎ᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠴᠢᠳᠠᠪᠤᠷᠢᠲᠠᠨ᠂ ᠮᠡᠷᠭᠡᠵᠢᠯ ᠵᠶ᠋ᠡᠷ ᠲᠥᠪᠡᠳ᠎ᠢ ᠲᠤᠰᠠᠯᠠᠬᠤ ᠵᠡᠷᠭᠡ ᠠᠷᠭ᠎ᠠ ᠬᠡᠮᠵᠢᠶ᠎ᠡ ᠵᠢ ᠴᠢᠨᠠᠭᠰᠢᠳᠠ ᠴᠢᠩᠭ᠋ᠠᠳᠬᠠᠵᠤ᠂ ᠲᠥᠪᠡᠳ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠪᠠᠨ ᠴᠢᠩᠭ᠋ᠠᠳᠬᠠᠬᠤ ᠵᠢ ᠳᠡᠮᠵᠢᠵᠦ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠥᠨᠳᠥᠷᠯᠢᠭ᠎ᠢ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠢ᠌ᠲᠠᠢ ᠡᠭᠦᠳᠦᠨ ᠪᠠᠢ᠌ᠭᠤᠯᠬᠤ ᠵᠢ ᠴᠢᠬᠤᠯᠠᠴᠢᠯᠠᠭᠰᠠᠨ ᠪᠠᠢ᠌ᠨ᠎ᠠ᠃

      ᠶᠠᠨ ᠵᠢᠨ ᠬᠠᠢ ᠪᠠᠶᠠᠷ᠎ᠤᠨ ᠦᠭᠡ᠎ᠳᠡᠭᠡᠨ᠂ ᠬᠥᠬᠡᠨᠠᠭᠤᠷ ᠲᠥᠪᠡᠳ᠎ᠤᠨ ᠥᠨᠳᠥᠷᠯᠢᠭ᠎ᠨᠢ 《ᠳᠡᠯᠡᠬᠡᠢ ᠵᠢᠨ ᠰᠡᠭᠡᠷ ᠨᠢᠷᠤᠭᠤ》᠂ 《ᠠᠽᠢᠶ᠎ᠠ ᠲᠢᠪ᠎ᠤᠨ ᠤᠰᠤᠨ ᠴᠠᠮᠬᠠᠭ》 ᠪᠣᠯᠤᠭᠰᠠᠨ᠎ᠤ ᠬᠤᠪᠢ᠎ᠳᠤ᠂ ᠪᠥᠬᠥ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠵᠠᠩᠭᠢᠯᠠᠭ᠎ᠠ ᠵᠢᠨ ᠣᠷᠣᠨ᠂ ᠰᠡᠷᠭᠡᠭ ᠣᠷᠣᠨ ᠮᠥᠨ᠂ ᠠᠽᠢᠶ᠎ᠠ ᠲᠢᠪ᠎ᠤᠨ ᠴᠢᠬᠤᠯᠠ ᠭᠣᠣᠯ ᠮᠥᠷᠡᠨ᠎ᠤ ᠡᠬᠢ ᠡᠭᠦᠰᠦᠯ᠎ᠤᠨ ᠣᠷᠣᠨ᠂ ᠬᠠᠮᠠᠭ᠋ᠠᠯᠠᠯᠲᠠ ᠵᠢᠨ ᠣᠷᠣᠨ ᠮᠥᠨ᠃ ᠲᠥᠪᠡᠳ 《ᠠᠮᠢ ᠠᠬᠤᠢ ᠵᠢᠨ ᠬᠠᠮᠠᠭ᠋ᠠᠯᠠᠯᠲᠠ ᠵᠢ ᠤᠷᠢᠳ ᠵᠶ᠋ᠠᠷ ᠪᠣᠳᠣᠯᠬᠢᠯᠠᠬᠤ》 ᠵᠢ ᠪᠠᠷᠢᠮᠲᠠᠯᠠᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠠᠯᠠᠪᠠᠢ᠎ᠨᠢ ᠪᠦᠬᠦ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠢ ᠵᠢᠨ 36%᠎ᠢ ᠡᠵᠡᠯᠡᠵᠦ᠂ ᠠᠮᠢ ᠠᠬᠤᠢ ᠵᠢᠨ ᠤᠯᠠᠭ᠋ᠠᠨ ᠱᠤᠭᠤᠮ᠎ᠤᠨ ᠲᠠᠯᠠᠪᠠᠢ᠎ᠨᠢ 50%᠎ᠠᠴᠠ ᠳᠡᠭᠡᠭᠰᠢᠬᠢ ᠵᠢ ᠡᠵᠡᠯᠡᠵᠦ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠰᠢᠰᠲ᠋ᠧᠮ᠎ᠤᠨ ᠵᠢᠯ᠎ᠤᠨ ᠨᠠᠭᠦᠷᠡᠰᠦᠲᠦ᠋ᠷᠦᠭᠴᠢ ᠵᠢᠨ ᠶᠡᠷᠦᠩᠬᠡᠢ ᠬᠡᠮᠵᠢᠶ᠎ᠡ᠎ᠨᠢ ᠪᠦᠬᠦ ᠤᠯᠤᠰ᠎ᠤᠨ 8% — 16%᠎ᠢ ᠡᠵᠡᠯᠡᠵᠦ᠂ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯ᠎ᠢ ᠪᠦᠬᠦ ᠲᠠᠯ᠎ᠠ᠎ᠪᠠᠷ ᠤᠷᠢᠳᠠᠪᠠᠷ ᠪᠡᠶᠡᠯᠡᠭᠦᠯᠵᠡᠢ᠃ ᠲᠥᠪᠡᠳ᠎ᠤᠨ᠎ᠬᠢᠨ ᠬᠠᠮᠤᠭ᠎ᠤᠨ ᠴᠢᠩᠭ᠎ᠠ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ᠎ᠢ ᠪᠠᠷᠢᠮᠲᠠᠯᠠᠵᠤ᠂ ᠠᠭ᠋ᠠᠷ᠎ᠤᠨ ᠣᠷᠴᠢᠨ ᠠᠬᠤᠢ ᠵᠢᠨ ᠴᠢᠨᠠᠷ ᠴᠢᠨᠰᠠᠭ᠎ᠠ ᠵᠢᠨ ᠰᠢᠯᠢᠳᠡᠭ ᠰᠠᠢ᠍ᠢ᠍ᠨ ᠡᠳᠦᠷ᠎ᠤᠨ ᠲᠣᠭ᠎ᠠ ᠵᠢ 99%᠎ᠠᠴᠠ ᠳᠡᠭᠡᠭᠰᠢ᠎ᠳᠤ ᠬᠦᠷᠭᠡᠵᠦ᠂ ᠭᠣᠣᠯ ᠮᠥᠷᠡᠨ ᠨᠠᠭᠤᠷ ᠴᠥᠭᠥᠷᠥᠮ ᠪᠠ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠤᠷᠮ᠎ᠠ ᠵᠢ 100%᠎ᠳᠤ ᠬᠦᠷᠭᠡᠵᠦ᠂ ᠲᠥᠪᠡᠳ᠎ᠲᠤ ᠮᠥᠨ ᠯᠡ ᠬᠠᠮᠤᠭ᠎ᠤᠨ ᠬᠥᠬᠡ ᠣᠭᠲᠠᠷᠭᠤᠢ᠂ ᠬᠠᠮᠤᠭ᠎ᠤᠨ ᠴᠠᠭ᠋ᠠᠨ ᠡᠭᠦᠯᠡ᠂ ᠬᠠᠮᠤᠭ᠎ᠤᠨ ᠴᠡᠪᠡᠷ ᠤᠰᠤ᠂ ᠬᠠᠮᠤᠭ᠎ᠤᠨ ᠴᠡᠪᠡᠷ ᠠᠭ᠋ᠠᠷ᠎ᠲᠠᠢ ᠪᠠᠢ᠌ᠵᠤ᠂ ᠮᠥᠨ ᠯᠡ ᠳᠡᠯᠡᠬᠡᠢ ᠳᠡᠭᠡᠷᠡᠬᠢ ᠠᠮᠢ ᠠᠬᠤᠢ ᠣᠷᠴᠢᠨ ᠲᠣᠭᠣᠷᠢᠨ ᠬᠠᠮᠤᠭ᠎ᠤᠨ ᠰᠠᠢ᠍ᠢ᠍ᠨ ᠭᠠᠵᠠᠷ ᠣᠷᠣᠨ᠎ᠤ ᠨᠢᠭᠡ᠎ᠨᠢ ᠪᠠᠢ᠌ᠭᠰᠠᠭ᠋ᠠᠷ᠃

      ᠶᠠᠨ ᠵᠢᠨ ᠬᠠᠢ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠲᠥᠪᠡᠳ᠎ᠤᠨ᠎ᠬᠢᠨ ᠪᠠᠰᠠ ᠳᠡᠯᠡᠬᠡᠢ ᠵᠢᠨ ᠲᠡᠯᠡᠢ ᠵᠢᠨ ᠲᠦᠪᠰᠢᠨ᠎ᠠᠴᠠ ᠬᠠᠮᠤᠭ᠎ᠤᠨ ᠥᠨᠳᠥᠷ᠂ ᠲᠠᠯᠠᠪᠠᠶ᠎ᠪᠠᠷ ᠬᠠᠮᠤᠭ᠎ᠤᠨ ᠶᠡᠬᠡ ᠤᠯᠤᠰ᠎ᠤᠨ ᠴᠡᠴᠡᠷᠯᠢᠭ — ᠴᠢᠶᠠᠩ ᠳᠠᠩ᠎ᠤᠨ ᠤᠯᠤᠰ᠎ᠤᠨ ᠴᠡᠴᠡᠷᠯᠢᠭ᠎ᠢ ᠪᠠᠢ᠌ᠭᠤᠯᠬᠤ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠲᠥᠪᠡᠳ᠎ᠤᠨ᠎ᠬᠢᠨ ᠴᠠᠰᠤᠲᠤ ᠥᠨᠳᠥᠷᠯᠢᠭ᠎ᠤᠨ ᠠᠮᠢ ᠨᠠᠰᠤᠨ᠎ᠤ ᠡᠪᠡᠰᠦ ᠮᠣᠳᠣ᠂ ᠲᠦᠮᠡᠨ ᠤᠰᠤ ᠮᠢᠩᠭ᠋ᠠᠨ ᠠᠭᠤᠯᠠ ᠵᠢ ᠦᠷᠭᠦᠯᠵᠢᠯᠡᠨ ᠰᠠᠶ᠋ᠢᠲᠤᠷ ᠰᠠᠬᠢᠨ ᠬᠠᠮᠠᠭ᠋ᠠᠯᠠᠵᠤ᠂ ᠳᠡᠯᠡᠬᠡᠢ ᠳ᠋ᠠᠬᠢᠨ᠎ᠳᠤ ᠲᠡᠦᠬᠡ ᠵᠢᠨ ᠲᠥᠪ ᠴᠢᠩᠭ᠎ᠠ ᠠᠮᠠᠯᠠᠯᠲᠠ᠎ᠪᠠᠨ ᠰᠠᠶ᠋ᠢᠲᠤᠷ ᠪᠡᠶᠡᠯᠡᠭᠦᠯᠦᠨ᠎ᠡ ᠭᠡᠵᠦ ᠬᠡᠯᠡᠪᠡ᠃

      ᠲᠤᠰ ᠬᠤᠭᠤᠴᠠᠭ᠋ᠠᠨ᠎ᠤ ᠶᠠᠷᠢᠶᠠᠨ᠎ᠤ ᠲᠠᠪᠴᠠᠩ᠎ᠢ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠡᠯᠡᠩ᠎ᠠᠴᠠ ᠭᠣᠣᠯᠯᠠᠨ ᠡᠷᠬᠢᠯᠡᠪᠡ᠃ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠳᠡᠳ᠋ ᠡᠷᠬᠢᠯᠡᠭᠴᠢ ᠵᠢᠶᠠᠩ ᠪᠠᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠸᠧᠢ ᠰᠢᠤ ᠴᠠᠩ᠂ ᠼᠡᠷᠡᠨᠫᠤᠩᠰᠤᠭ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠮᠧᠩ ᠰᠢᠶᠣᠣ ᠯᠢᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠴᠥᠮ᠎ᠡ ᠵᠢᠨ ᠠᠮᠤᠷ ᠲᠦᠪᠰᠢᠨ᠎ᠤ ᠶᠡᠷᠦᠩᠬᠡᠢ ᠢᠨᠵᠧᠨᠧᠷ᠂ ᠠᠯᠪᠠᠨ ᠲᠢᠩᠬᠢᠮ᠎ᠤᠨ ᠡᠷᠬᠢᠯᠡᠭᠴᠢ ᠲᠢᠶᠠᠨ ᠸᠧᠢ ᠶᠦᠩ ᠶᠠᠷᠢᠶᠠᠨ᠎ᠤ ᠲᠠᠪᠴᠠᠩ᠎ᠳᠤ ᠣᠷᠣᠯᠴᠠᠪᠠ᠃ ᠬᠣᠯᠪᠣᠭᠳᠠᠯ ᠪᠦᠬᠦᠢ ᠠᠺᠠᠳᠧᠮᠢᠴᠢ ᠲᠤᠰᠬᠠᠢ ᠮᠡᠷᠭᠡᠵᠢᠯᠲᠡᠨ᠂ ᠤᠯᠤᠰ᠎ᠤᠨ ᠬᠣᠯᠪᠣᠭᠳᠠᠯ ᠪᠦᠬᠦᠢ ᠶᠠᠮᠤᠨ ᠵᠥᠪᠯᠡᠯ᠎ᠤᠨ ᠨᠥᠬᠥᠳ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠣᠯᠪᠣᠭᠳᠠᠯ ᠪᠦᠬᠦᠢ ᠲᠤᠰᠬᠠᠢ ᠣᠷᠣᠨ ᠬᠤᠳᠠ ᠵᠢᠨ ᠬᠠᠷᠢᠭᠤᠴᠠᠯᠭ᠋ᠠᠲᠠᠨ᠂ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠲᠥᠯᠥᠭᠡᠯᠡᠭᠴᠢ ᠶᠠᠷᠢᠶᠠᠨ᠎ᠤ ᠲᠠᠪᠴᠠᠩ᠎ᠳᠤ ᠣᠷᠣᠯᠴᠠᠪᠠ᠃

      ᠶᠠᠷᠢᠶᠠᠨ᠎ᠤ ᠲᠠᠪᠴᠠᠩ᠎ᠳᠤ ᠪᠠᠰᠠ 《ᠦᠵᠡᠰᠬᠦᠯᠡᠩᠲᠦ ᠰᠠᠢ᠌ᠬᠠᠨ ᠲᠥᠪᠡᠳ᠎ᠢ ᠬᠠᠮᠲᠤ᠎ᠪᠠᠷ ᠪᠦᠲᠦᠭᠡᠨ ᠪᠠᠢ᠌ᠭᠤᠯᠵᠤ · ᠰᠠᠶ᠋ᠢᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠡᠳ᠋ᠯᠡᠶ᠎ᠡ》 《ᠠᠽᠢᠶ᠎ᠠ ᠲᠢᠪ᠎ᠤᠨ ᠤᠰᠤᠨ ᠴᠠᠮᠬᠠᠭ · ᠭᠣᠣᠯ ᠮᠥᠷᠡᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ》 ᠵᠡᠷᠭᠡ ᠬᠤᠪᠢᠶᠠᠷᠢ ᠶᠠᠷᠢᠶᠠᠨ᠎ᠤ ᠲᠠᠪᠴᠠᠩ᠎ᠢ ᠡᠷᠭᠢᠯᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠤᠯᠤᠰ᠎ᠤᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠭᠡᠷ᠎ᠡ ᠭᠦᠢ᠍ᠴᠡᠳᠬᠡᠬᠦ ᠠᠷᠠᠯᠵᠢᠶ᠎ᠠ ᠵᠢᠴᠢ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠰᠢᠨ᠎ᠡ ᠰᠣᠷᠭᠣᠭ ᠲᠠᠷᠢᠶᠠᠯᠠᠩ᠎ᠤᠨ ᠨᠠᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠴᠣᠭᠴᠠᠯᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶ᠎ᠠ ᠵᠢᠨ ᠪᠤᠯᠪᠠᠰᠤᠷᠠᠯ ᠡᠷᠬᠢᠯᠡᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ ᠬᠠᠮᠲᠤᠷᠠᠯᠴᠠᠭ᠎ᠠ ᠰᠣᠯᠢᠯᠴᠠᠭ᠋ᠠᠨ᠎ᠤ ᠲᠥᠪ ᠰᠣᠯᠢᠯᠴᠠᠭ᠋ᠠᠨ᠎ᠤ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠪᠤᠯᠪᠠᠰᠤᠷᠠᠯ ᠡᠷᠬᠢᠯᠡᠪᠠ
 
             蒙ICP备05000248号