ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠰᠢᠨ᠎ᠡ ᠰᠣᠷᠭᠣᠭ ᠲᠠᠷᠢᠶᠠᠯᠠᠩ᠎ᠤᠨ ᠨᠠᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2023-07-17

      — 2023 ᠣᠨ᠎ᠤ ᠪᠦᠬᠦ ᠤᠯᠤᠰ᠎ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ

      ᠨᠢᠭᠡ᠂ ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠨ᠎ᠠ᠃ ᠰᠢᠨ᠎ᠡ ᠰᠣᠷᠭᠣᠭ ᠲᠠᠷᠢᠶᠠᠯᠠᠩ᠎ᠤᠨ ᠨᠠᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠨᠢ 2800 ᠮᠦ᠍ ᠭᠤᠸᠠ ᠵᠢᠮᠢᠰ ᠢᠳᠡᠰᠢᠨ ᠨᠣᠭᠣᠭ᠎ᠠ ᠲᠠᠷᠢᠬᠤ ᠣᠷᠣᠨ᠎ᠳᠤ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠨ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠬᠥᠷᠥᠰᠥ ᠰᠢᠷᠣᠢ ᠵᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠵᠢ ᠬᠡᠷᠡᠭᠵᠢᠭᠦᠯᠦᠨ᠂ ᠤᠰᠤᠯᠠᠬᠤ᠂ ᠪᠣᠷᠳᠣᠭᠤᠷ ᠣᠷᠣᠭᠤᠯᠬᠤ ᠵᠢ ᠲᠣᠭᠲᠠᠭᠰᠠᠨ ᠴᠠᠭ᠂ ᠲᠣᠭᠲᠠᠭᠰᠠᠨ ᠬᠡᠮᠵᠢᠶ᠎ᠡ᠎ᠲᠠᠢ ᠬᠢᠵᠠᠭ᠋ᠠᠷᠯᠠᠬᠤ᠎ᠪᠠᠷ ᠳᠠᠮᠵᠢᠭᠤᠯᠤᠨ᠂ ᠤᠰᠤ ᠪᠣᠷᠳᠣᠭᠤᠷ᠎ᠢ ᠠᠰᠢᠭᠯᠠᠬᠤ ᠨᠤᠷᠮ᠎ᠠ ᠵᠢ ᠭᠦᠢ᠍ᠴᠡᠳ ᠳᠡᠭᠡᠭᠰᠢᠯᠡᠭᠦᠯᠦᠨ᠂ 20%᠎ᠠᠴᠠ ᠳᠡᠭᠡᠭᠰᠢ ᠤᠰᠤ ᠠᠷᠪᠢᠯᠠᠬᠤ᠂ 15%᠎ᠠᠴᠠ ᠳᠡᠭᠡᠭᠰᠢ ᠪᠣᠷᠳᠣᠭᠤᠷ ᠠᠷᠪᠢᠯᠠᠬᠤ ᠵᠢ ᠪᠡᠶᠡᠯᠡᠭᠦᠯᠬᠦ ᠵᠢᠨ ᠬᠠᠮᠲᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠢ ᠪᠦᠲᠦᠮᠵᠢᠲᠡᠢ᠎ᠪᠠᠷ ᠰᠠᠢ᠌ᠵᠢᠷᠠᠭᠤᠯᠵᠤ᠂ ᠲᠠᠷᠢᠮᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

      ᠬᠣᠶᠠᠷ ᠂ ᠬᠠᠶᠠᠭᠳᠠᠮᠠᠯ᠎ᠢ ᠡᠷᠳᠡᠨᠢ ᠪᠣᠯᠭ᠋ᠠᠨ᠎ᠠ᠃ ᠦᠯᠡᠳᠡᠪᠦᠷᠢ ᠨᠣᠭᠣᠭ᠎ᠠ ᠵᠢ ᠪᠣᠬᠢᠷᠲᠤᠯ ᠦᠭᠡᠢ ᠡᠷᠭᠢᠯᠳᠦᠭᠦᠯᠦᠨ ᠰᠢᠢ᠍ᠳᠪᠦᠷᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠵᠢᠯ᠎ᠳᠤ 11000 ᠲᠣᠨ ᠦᠯᠡᠳᠡᠪᠦᠷᠢ ᠨᠣᠭᠣᠭ᠎ᠠ ᠵᠢ ᠰᠢᠢ᠍ᠳᠪᠦᠷᠢᠯᠡᠵᠦ᠂ ᠡᠷᠭᠢᠨ ᠲᠣᠭᠣᠷᠢᠨ᠎ᠤ ᠲᠡᠵᠢᠭᠡᠨ ᠦᠷᠡᠵᠢᠭᠦᠯᠬᠦ ᠡᠷᠦᠬᠡ ᠦᠯᠡᠳᠡᠪᠦᠷᠢ ᠨᠣᠭᠣᠭ᠎ᠠ᠎ᠪᠠᠷ ᠵᠶ᠋ᠠᠨ ᠮᠠᠯ ᠲᠡᠵᠢᠭᠡᠵᠦ᠂ ᠪᠤᠢ ᠪᠣᠯᠤᠭᠰᠠᠨ ᠪᠠᠭ᠋ᠠᠰᠤ ᠰᠢᠭᠡᠰᠦ ᠵᠢ ᠣᠷᠭ᠋ᠠᠨᠢᠭ ᠪᠣᠷᠳᠣᠭᠤᠷ ᠵᠶ᠋ᠠᠷ ᠣᠷᠣᠯᠠᠭᠤᠯᠤᠭᠰᠠᠨ ᠬᠢᠮᠢ ᠵᠢᠨ ᠪᠣᠷᠳᠣᠭᠤᠷ᠎ᠤᠨ ᠪᠦᠲᠦᠭᠡᠭᠳᠡᠬᠦᠨ᠎ᠤ ᠬᠤᠪᠢ᠎ᠪᠠᠷ ᠲᠠᠷᠢᠶᠠᠨ ᠭᠠᠵᠠᠷ (50% ᠵᠢᠨ ᠬᠡᠷᠡᠭᠯᠡᠬᠦ ᠬᠡᠮᠵᠢᠶ᠎ᠡ ᠵᠢ ᠣᠷᠣᠯᠠᠭᠤᠯᠤᠨ᠎ᠠ)᠂ ᠠᠮᠢᠳᠠᠨ᠎ᠤ ᠢᠯᠭ᠋ᠠᠳᠠᠰᠤ ᠵᠢ ᠢᠰᠬᠡᠵᠦ ᠪᠣᠯᠪᠠᠰᠤᠷᠠᠭᠤᠯᠤᠭ᠋ᠠᠳ ᠬᠢᠭᠰᠡᠨ ᠣᠷᠭ᠋ᠠᠨᠢᠭ ᠪᠣᠷᠳᠣᠭᠤᠷ᠎ᠤᠨ ᠬᠦᠴᠦᠨ᠎ᠲᠠᠢ ᠬᠤᠭᠤᠴᠠᠭ᠎ᠠ᠎ᠨᠢ ᠤᠷᠳᠤ᠂ ᠬᠦᠴᠦ ᠰᠢᠮ᠎ᠡ᠎ᠨᠢ ᠤᠳᠠᠭ᠋ᠠᠨ ᠳᠠᠭ᠋ᠠᠭ᠋ᠠᠮᠠᠭ᠋ᠠᠢ᠂ ᠪᠣᠬᠢᠷᠲᠤᠯ ᠦᠭᠡᠢ ᠪᠠᠢ᠌ᠵᠤ᠂ ᠬᠥᠷᠥᠰᠥ ᠰᠢᠷᠣᠢ ᠵᠢᠨ ᠪᠣᠷᠳᠣᠭᠤᠷ᠎ᠤᠨ ᠠᠰᠢᠭᠯᠠᠮᠵᠢ ᠵᠢ ᠨᠡᠮᠡᠭᠳᠡᠭᠦᠯᠬᠦ ᠵᠢᠨ ᠬᠠᠮᠲᠤ ᠬᠥᠷᠥᠰᠥ ᠰᠢᠷᠣᠢ ᠵᠢᠨ ᠬᠠᠲᠠᠭᠤᠷᠠᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠦᠯᠡᠳᠡᠪᠦᠷᠢ ᠨᠣᠭᠣᠭ᠎ᠠ ᠵᠢ ᠪᠣᠬᠢᠷᠲᠤᠯ ᠦᠭᠡᠢ ᠡᠷᠭᠢᠯᠳᠦᠭᠦᠯᠦᠨ ᠰᠢᠢ᠍ᠳᠪᠦᠷᠢᠯᠡᠬᠦ ᠢᠨᠵᠧᠨᠧᠷᠢᠩ᠎ᠢ ᠬᠡᠷᠡᠭᠵᠢᠭᠦᠯᠪᠡᠯ ᠵᠢᠯ᠎ᠳᠤ ᠬᠢᠮᠢ ᠵᠢᠨ ᠪᠣᠷᠳᠣᠭᠤᠷ᠎ᠤᠨ ᠬᠡᠷᠡᠭᠯᠡᠬᠦ ᠬᠡᠮᠵᠢᠶ᠎ᠡ ᠵᠢ 200 ᠲᠣᠨ ᠪᠠᠭ᠋ᠠᠰᠬᠠᠬᠤ ᠵᠢ ᠪᠡᠶᠡᠯᠡᠭᠦᠯᠵᠦ ᠴᠢᠳᠠᠨ᠎ᠠ ᠃

      ᠭᠤᠷᠪᠠ᠂ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠤᠨ᠎ᠠ᠃ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠬᠡᠢ ᠪᠣᠷᠳᠣᠭᠤᠷ᠎ᠤᠨ ᠥᠷᠲᠡᠭᠡ ᠵᠢ 3 ᠪᠠᠢ᠌ᠭᠤᠯᠵᠤ᠂ ᠬᠠᠳᠠᠭ᠋ᠠᠯᠠᠬᠤ ᠰᠠᠪᠠ᠎ᠳᠠᠬᠢ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠰᠢᠩᠭᠡᠨ ᠪᠡᠶᠡᠲᠦ ᠵᠢ ᠬᠡᠢ᠌ᠵᠢᠭᠦᠯᠬᠦ᠎ᠪᠠᠷ ᠳᠡᠮᠵᠢᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠬᠡᠢ ᠪᠡᠶᠡᠲᠦ ᠵᠢ ᠪᠤᠢ ᠪᠣᠯᠭ᠋ᠠᠵᠤ᠂ ᠳᠠᠷᠤᠯᠲᠠ ᠵᠢᠨ ᠲᠦᠯᠬᠢᠴᠡ ᠳᠣᠣᠷ᠎ᠠ ᠠᠵᠢᠯᠯᠠᠬᠤ ᠴᠡᠭ᠎ᠲᠠᠢ ᠬᠣᠯᠪᠣᠭᠰᠠᠨ ᠨᠦᠬᠡ᠎ᠲᠠᠢ ᠢᠯᠭ᠋ᠠᠷᠠᠭᠤᠯᠬᠤ ᠬᠣᠭᠣᠯᠠᠢ ᠳᠣᠲᠣᠷ᠎ᠠ᠂ ᠬᠡᠢ ᠬᠡᠷᠡᠭᠯᠡᠬᠦ ᠴᠠᠭ ᠬᠤᠭᠤᠴᠠᠭ᠎ᠠ ᠵᠢᠴᠢ ᠬᠡᠢ ᠬᠡᠷᠡᠭᠯᠡᠬᠦ ᠬᠡᠮᠵᠢᠶ᠎ᠡ ᠵᠢ ᠦᠨᠳᠦᠰᠦᠯᠡᠨ ᠣᠶᠤᠨᠴᠢ᠎ᠪᠠᠷ ᠡᠵᠡᠮᠳᠡᠬᠦ ᠵᠢ ᠪᠡᠶᠡᠯᠡᠭᠦᠯᠵᠦ᠂ ᠲᠣᠰ ᠲᠣᠰ᠎ᠲᠤᠨᠢ ᠬᠡᠷᠡᠭᠯᠡᠨ᠎ᠡ᠃ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠬᠡᠢ ᠪᠣᠷᠳᠣᠭᠤᠷ ᠨᠡᠮᠡᠵᠦ ᠣᠷᠣᠭᠤᠯᠬᠤ᠎ᠪᠠᠷ ᠳᠡᠮᠵᠢᠨ᠂ ᠲᠥᠪᠡᠳ ᠬᠠᠰᠢ ᠵᠢᠨ ᠭᠠᠷᠤᠯᠲᠠ ᠵᠢ 18%᠎ᠪᠠᠷ ᠳᠡᠭᠡᠭᠰᠢᠯᠡᠭᠦᠯᠵᠦ᠂ ᠬᠦᠯᠡᠮᠵᠢ ᠵᠢᠨ ᠥᠷᠭᠡᠰᠦᠲᠦ ᠬᠡᠮᠬᠡ ᠵᠢᠨ ᠭᠠᠷᠤᠯᠲᠠ ᠵᠢ 22% ᠵᠶ᠋ᠠᠷ ᠨᠡᠮᠡᠭᠳᠡᠭᠦᠯᠵᠦ᠂ ᠲᠠᠷᠢᠶᠠᠨ᠎ᠤ ᠡᠷᠳᠡᠨᠢ ᠰᠢᠰᠢ ᠵᠢᠨ ᠭᠠᠷᠤᠯᠲᠠ ᠵᠢ 12% ᠵᠶ᠋ᠠᠷ ᠨᠡᠮᠡᠭᠳᠡᠭᠦᠯᠦᠨ᠎ᠡ᠃ ᠲᠥᠬᠥᠭᠡᠷᠦᠮᠵᠢᠲᠦ ᠲᠠᠷᠢᠶᠠᠯᠠᠩ᠎ᠤᠨ ᠲᠠᠷᠢᠮᠠᠯ᠎ᠤᠨ ᠦᠷ᠎ᠡ ᠠᠰᠢᠭ᠎ᠢ 20%᠎ᠪᠠᠷ ᠳᠡᠭᠡᠭᠰᠢᠯᠡᠭᠦᠯᠬᠦ ᠵᠢ ᠪᠦᠲᠦᠮᠵᠢᠲᠡᠢ ᠠᠬᠢᠭᠤᠯᠵᠤ᠂ ᠲᠥᠬᠥᠭᠡᠷᠦᠮᠵᠢᠲᠦ ᠭᠤᠸᠠ ᠨᠣᠭᠣᠭ᠎ᠠ ᠵᠢᠨ ᠮᠦ᠍ ᠪᠦᠷᠢ ᠵᠢᠨ ᠣᠷᠣᠯᠭ᠎ᠠ ᠵᠢ 2000 ᠲᠥᠭᠥᠷᠢᠭ᠎ᠠᠴᠠ ᠳᠡᠭᠡᠭᠰᠢ ᠨᠡᠮᠡᠭᠳᠡᠭᠦᠯᠦᠨ᠎ᠡ᠃

      ᠡᠨᠧᠷᠭᠢ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠠᠩᠬ᠎ᠠ ᠠᠯᠬᠤᠮ ᠲᠥᠰᠥᠪᠯᠡᠨ ᠪᠤᠳᠤᠬᠤ᠎ᠪᠠᠷ ᠳᠡᠮᠵᠢᠨ᠂ ᠵᠢᠱ᠌ᠢᠶ᠎ᠡ ᠦᠵᠡᠭᠦᠯᠬᠦ ᠣᠷᠣᠨ᠎ᠳᠤ ᠵᠢᠯ ᠪᠦᠷᠢ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠨᠠᠢ᠌ᠳᠠ 381 ᠲᠣᠨ ᠪᠠᠭ᠋ᠠᠰᠬᠠᠵᠤ ᠪᠣᠯᠣᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶ᠎ᠠ ᠵᠢᠨ ᠪᠤᠯᠪᠠᠰᠤᠷᠠᠯ ᠡᠷᠬᠢᠯᠡᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ ᠬᠠᠮᠲᠤᠷᠠᠯᠴᠠᠭ᠎ᠠ ᠰᠣᠯᠢᠯᠴᠠᠭ᠋ᠠᠨ᠎ᠤ ᠲᠥᠪ ᠰᠣᠯᠢᠯᠴᠠᠭ᠋ᠠᠨ᠎ᠤ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠪᠤᠯᠪᠠᠰᠤᠷᠠᠯ ᠡᠷᠬᠢᠯᠡᠪᠠ
ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠬᠢᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠪᠡ
《ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠮᠡᠷᠭᠡᠵᠢᠯ᠎ᠢ ᠡᠯᠰᠡᠨ ᠳᠡᠯᠭᠡᠷᠡᠭᠦᠯᠬᠦ ᠬᠡᠷᠡᠭᠵᠢᠭᠦᠯᠬᠦ ᠲᠥᠰᠥᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
 
             蒙ICP备05000248号