ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶ᠎ᠠ ᠵᠢᠨ ᠪᠤᠯᠪᠠᠰᠤᠷᠠᠯ ᠡᠷᠬᠢᠯᠡᠪᠠ
ᠨᠡᠶ᠋ᠢᠲᠡᠯᠡᠭᠰᠡᠨ ᠴᠠᠭ᠄ 2023-11-17

      《ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ᠂ ᠡᠯ᠎ᠡ ᠠᠵᠢᠯ ᠲᠥᠷᠥᠯ᠎ᠤᠨ᠎ᠬᠢᠨ᠎ᠤ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠵᠢᠯᠯᠠᠭ᠎ᠠ᠎ᠳᠤ ᠥᠷᠭᠡᠨ ᠵᠶ᠋ᠡᠷ ᠣᠷᠣᠯᠴᠠᠬᠤ ᠵᠢ ᠵᠣᠷᠢᠭᠵᠢᠭᠤᠯᠬᠤ ᠵᠢᠨ ᠲᠥᠯᠥᠭᠡ᠂ 2023 ᠣᠨ᠎ᠤ 10 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠦᠯᠵᠢᠶᠡᠨ ᠳᠡᠭᠡᠷᠡᠬᠢ ᠬᠤᠷᠠᠯ ᠪᠠ ᠰᠢᠭᠤᠳ ᠨᠡᠪᠲᠡᠷᠡᠭᠦᠯᠬᠦ ᠠᠷᠭ᠎ᠠ ᠮᠠᠶᠢᠭ ᠵᠶ᠋ᠠᠷ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶ᠎ᠠ ᠵᠢᠨ  ᠪᠤᠯᠪᠠᠰᠤᠷᠠᠯ ᠡᠷᠬᠢᠯᠡᠪᠠ᠃

      ᠪᠣᠯᠪᠠᠰᠤᠷᠠᠯ᠎ᠳᠤ ᠤᠯᠤᠰ᠎ᠤᠨ ᠠᠭᠤᠷ ᠠᠮᠢᠰᠬᠤᠯ᠎ᠤᠨ ᠪᠠᠢ᠌ᠯᠳᠤᠬᠤ ᠪᠣᠳᠣᠯᠭ᠎ᠠ ᠵᠢᠨ ᠲᠥᠪ᠂ ᠪᠡᠭᠡᠵᠢᠩ᠎ᠤᠨ ᠪᠣᠬᠢᠷᠲᠤᠯ ᠦᠭᠡᠢ ᠠᠷᠠᠯᠵᠢᠶᠠᠨ᠎ᠤ ᠭᠠᠵᠠᠷ᠎ᠤᠨ ᠲᠤᠰᠬᠠᠢ ᠮᠡᠷᠭᠡᠵᠢᠯᠲᠡᠨ᠎ᠢ ᠤᠷᠢᠵᠤ ᠠᠷᠭ᠎ᠠ ᠵᠢᠨ ᠲᠤᠬᠠᠢ ᠲᠠᠢ᠌ᠯᠤᠮᠵᠢ ᠬᠢᠯᠭᠡᠬᠦ᠂ ᠪᠦᠬᠦ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠢ᠍ᠢ᠍ᠨ ᠳᠤᠷ᠎ᠠ᠎ᠠᠴᠠ᠎ᠪᠠᠨ ᠪᠠᠭ᠋ᠠᠰᠬᠠᠬᠤ ᠵᠢ ᠳᠠᠩᠰᠠᠯᠠᠬᠤ ᠰᠢᠰᠲ᠋ᠧᠮ᠎ᠤᠨ ᠠᠵᠢᠯᠯᠠᠭ᠎ᠠ ᠪᠠ ᠠᠷᠠᠯᠵᠢᠶᠠᠨ᠎ᠤ ᠰᠢᠰᠲ᠋ᠧᠮ᠎ᠤᠨ ᠠᠵᠢᠯᠯᠠᠭ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠲᠠᠢ᠌ᠯᠤᠮᠵᠢ ᠬᠢᠪᠡ᠃ ᠬᠤᠷᠠᠯ᠎ᠤᠨ ᠳᠠᠷᠠᠭ᠎ᠠ᠂ ᠲᠤᠰᠬᠠᠢ ᠮᠡᠷᠭᠡᠵᠢᠯᠲᠡᠳ ᠪᠠᠰᠠ ᠬᠤᠷᠠᠯ᠎ᠳᠤ ᠣᠷᠣᠯᠴᠠᠭᠰᠠᠳ᠎ᠤᠨ ᠠᠩᠬᠠᠷᠴᠤ ᠪᠠᠢ᠌ᠭ᠎ᠠ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠴᠦ᠂ ᠤᠯᠠᠨ᠎ᠢ ᠬᠠᠪᠰᠤᠷᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠢ᠍ᠢ᠍ᠨ ᠳᠤᠷ᠎ᠠ᠎ᠠᠴᠠ᠎ᠪᠠᠨ ᠪᠠᠭ᠋ᠠᠰᠬᠠᠬᠤ ᠲᠥᠷᠥ ᠵᠢᠨ ᠪᠣᠳᠣᠯᠭ᠎ᠠ ᠵᠢ ᠨᠡᠩ ᠰᠠᠢ᠍ᠢ᠍ᠨ ᠣᠢ᠌ᠯᠠᠭ᠋ᠠᠵᠤ᠂ ᠠᠵᠢᠯᠯᠠᠬᠤ ᠶᠠᠪᠤᠴᠠ ᠵᠢ ᠰᠠᠶ᠋ᠢᠲᠤᠷ ᠣᠢ᠌ᠯᠠᠭ᠋ᠠᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠂ ᠭᠣᠣᠯᠳᠠᠯᠭ᠎ᠠ᠎ᠲᠠᠢ ᠭᠠᠳᠠᠭᠰᠢᠯᠠᠭᠤᠯᠤᠯᠲᠠ ᠵᠢᠨ ᠨᠢᠭᠡᠴᠢ ᠵᠡᠷᠭᠡ ᠵᠢᠨ 700 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

      ᠳᠠᠷᠠᠭ᠋ᠠᠴᠢ᠎ᠪᠠᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠢ᠍ᠢ᠍ᠨ ᠳᠤᠷ᠎ᠠ᠎ᠠᠴᠠ᠎ᠪᠠᠨ ᠪᠠᠭ᠋ᠠᠰᠬᠠᠬᠤ ᠬᠠᠮᠢᠶ᠎ᠠ ᠪᠦᠬᠦᠢ ᠪᠣᠯᠪᠠᠰᠤᠷᠠᠯ᠎ᠢ ᠦᠷᠭᠦᠯᠵᠢᠯᠡᠨ ᠵᠣᠬᠢᠶᠠᠨ ᠪᠠᠢ᠌ᠭᠤᠯᠵᠤ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠬᠤ ᠵᠢ ᠴᠢᠩᠭ᠋ᠠᠳᠬᠠᠵᠤ᠂ ᠦᠢ᠍ᠯᠡᠴᠢᠯᠡᠭᠡ ᠵᠢ ᠰᠠᠶ᠋ᠢᠲᠤᠷ ᠵᠣᠯᠭ᠋ᠠᠭᠤᠯᠵᠤ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠢ᠍ᠢ᠍ᠨ ᠳᠤᠷ᠎ᠠ᠎ᠠᠴᠠ᠎ᠪᠠᠨ ᠪᠠᠭ᠋ᠠᠰᠬᠠᠬᠤ ᠠᠵᠢᠯᠯᠠᠭ᠎ᠠ ᠵᠢ ᠢᠳᠡᠪᠬᠢᠲᠡᠢ ᠠᠬᠢᠭᠤᠯᠤᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ ᠬᠠᠮᠲᠤᠷᠠᠯᠴᠠᠭ᠎ᠠ ᠰᠣᠯᠢᠯᠴᠠᠭ᠋ᠠᠨ᠎ᠤ ᠲᠥᠪ ᠰᠣᠯᠢᠯᠴᠠᠭ᠋ᠠᠨ᠎ᠤ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠪᠤᠯᠪᠠᠰᠤᠷᠠᠯ ᠡᠷᠬᠢᠯᠡᠪᠠ
ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠬᠢᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠪᠡ
《ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠮᠡᠷᠭᠡᠵᠢᠯ᠎ᠢ ᠡᠯᠰᠡᠨ ᠳᠡᠯᠭᠡᠷᠡᠭᠦᠯᠬᠦ ᠬᠡᠷᠡᠭᠵᠢᠭᠦᠯᠬᠦ ᠲᠥᠰᠥᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
《ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠠᠵᠤ ᠦᠢ᠍ᠯᠡᠰ᠎ᠤᠨ ᠵᠢᠯᠤᠭᠣᠳᠬᠤ ᠭᠠᠷᠴᠠᠭ (2024 ᠣᠨ᠎ᠤ ᠬᠡᠪᠯᠡᠯ)》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
 
             蒙ICP备05000248号