ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ ᠬᠠᠮᠲᠤᠷᠠᠯᠴᠠᠭ᠎ᠠ ᠰᠣᠯᠢᠯᠴᠠᠭ᠋ᠠᠨ᠎ᠤ ᠲᠥᠪ ᠰᠣᠯᠢᠯᠴᠠᠭ᠋ᠠᠨ᠎ᠤ ᠶᠠᠷᠢᠯᠴᠠᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2023-12-19

      2023 ᠣᠨ᠎ᠤ 10 ᠰᠠᠷ᠎ᠠ ᠵᠢᠨ 25 ᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠎ᠠ ᠰᠣᠯᠢᠯᠴᠠᠭ᠋ᠠᠨ᠎ᠤ ᠲᠥᠪ᠎ᠤᠨ ᠳᠡᠳ᠋ ᠡᠷᠬᠢᠯᠡᠭᠴᠢ ᠯᠢ ᠶᠦᠩ ᠬᠣᠩ ᠨᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠦᠷᠴᠦ ᠪᠤᠳᠤᠯ ᠰᠠᠨᠠᠯ ᠵᠶ᠋ᠠᠨ ᠰᠣᠯᠢᠯᠴᠠᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ ᠶᠠᠷᠢᠯᠴᠠᠬᠤ ᠬᠤᠷᠠᠯ᠎ᠳᠤ ᠣᠷᠣᠯᠴᠠᠪᠠ᠃

      ᠶᠠᠷᠢᠯᠴᠠᠬᠤ ᠬᠤᠷᠠᠯ ᠳᠡᠭᠡᠷ᠎ᠡ᠂  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ ᠲᠢᠩᠬᠢᠮ᠎ᠠᠴᠠ ᠣᠳᠣᠬᠠᠨ᠎ᠳᠤ ᠣᠷᠣᠯᠴᠠᠵᠤ ᠬᠡᠷᠡᠭᠵᠢᠭᠦᠯᠦᠭᠰᠡᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠳᠦᠷᠦᠯ ᠵᠦᠢ᠍ᠯ᠎ᠢ ᠲᠣᠪᠴᠢ ᠲᠠᠨᠢᠯᠴᠠᠭᠤᠯᠪᠠ᠂  ᠡᠭᠦᠨ᠎ᠳᠤ ᠳᠤᠮᠳᠠᠳᠤ ᠤᠷᠤᠰ᠎ᠤᠨ ᠬᠢᠯᠢ ᠵᠢᠨ ᠭᠣᠣᠯ᠎ᠤᠨ ᠤᠰᠤᠨ᠎ᠤ ᠴᠢᠨᠠᠷ᠎ᠤᠨ ᠬᠠᠮᠲᠤᠷᠠᠭᠰᠠᠨ ᠬᠢᠨᠠᠨ ᠬᠡᠮᠵᠢᠯᠲᠡ᠂ ᠳᠤᠮᠳᠠᠳᠤ ᠮᠣᠩᠭᠣᠯ ᠤᠷᠤᠰ᠎ᠤᠨ ᠤᠯᠠᠨ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠯᠲᠡ ᠵᠡᠷᠭᠡ ᠠᠭᠤᠯᠭ᠎ᠠ ᠵᠢ ᠪᠠᠭᠲᠠᠭ᠋ᠠᠵᠠᠢ᠃ ᠳᠡᠳ᠋ ᠡᠷᠬᠢᠯᠡᠭᠴᠢ ᠯᠢ ᠶᠦᠩ ᠬᠣᠩ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠋ᠠᠨ᠎ᠤ ᠲᠥᠪ᠎ᠤᠨ ᠦᠨᠳᠦᠰᠦᠨ ᠲᠣᠶ᠋ᠢᠮᠣ ᠪᠠᠶ᠋ᠢᠳᠠᠯ᠎ᠢ ᠲᠣᠪᠴᠢ ᠲᠠᠨᠢᠯᠴᠠᠭᠤᠯᠵᠤ᠂ ᠲᠥᠪ᠎ᠤᠨ ᠡᠨᠡ ᠲᠠᠯ᠎ᠠ᠎ᠪᠠᠷ᠎ᠬᠢ ᠳᠠᠪᠠᠭᠤᠯᠢᠭ ᠪᠠ ᠦᠨᠳᠦᠰᠦᠨ ᠪᠠᠢ᠌ᠳᠠᠯ᠎ᠢ ᠭᠣᠣᠯᠳᠠᠯᠭ᠎ᠠ᠎ᠲᠠᠢ ᠲᠠᠨᠢᠯᠴᠠᠭᠤᠯᠪᠠ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠳᠦᠷᠦᠯ ᠵᠦᠢ᠍ᠯ᠎ᠤᠨ ᠬᠠᠮᠲᠤᠷᠠᠯᠴᠠᠭ᠎ᠠ ᠵᠢ ᠬᠠᠮᠲᠤᠪᠠᠷ ᠥᠷᠨᠢᠭᠦᠯᠬᠦ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠢ ᠬᠠᠮᠲᠤᠪᠠᠷ ᠪᠦᠲᠦᠭᠡᠨ ᠪᠠᠢ᠌ᠭᠤᠯᠬᠤ᠎ᠳᠤ ᠣᠷᠣᠯᠴᠠᠬᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ  ᠪᠠᠭᠤᠷᠠᠭᠤᠯᠬᠤ ᠲᠠᠯ᠎ᠠ᠎ᠪᠠᠷ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠬᠤ᠂ ᠡᠬᠢ ᠪᠠᠶᠠᠯᠢᠭ᠎ᠤᠨ ᠬᠡᠯᠪᠡᠷᠢ ᠵᠢᠨ ᠮᠤᠵᠢ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠬᠡᠯᠪᠡᠷᠢ ᠵᠢᠨ ᠬᠤᠪᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠭ᠎ᠠ ᠪᠠ ᠶᠠᠷᠢᠯᠴᠠᠭ᠎ᠠ ᠬᠢᠵᠡᠢ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠬᠢᠨᠠᠨ ᠬᠡᠮᠵᠢᠬᠦ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠢ᠌ᠭᠡᠮᠯᠢᠭ ᠵᠡᠷᠭᠡ ᠵᠢᠨ ᠬᠠᠷᠢᠭᠤᠴᠠᠯᠭ᠋ᠠᠲᠠᠨ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠪᠤᠯᠪᠠᠰᠤᠷᠠᠯ ᠡᠷᠬᠢᠯᠡᠪᠠ
ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠬᠢᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠪᠡ
《ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠮᠡᠷᠭᠡᠵᠢᠯ᠎ᠢ ᠡᠯᠰᠡᠨ ᠳᠡᠯᠭᠡᠷᠡᠭᠦᠯᠬᠦ ᠬᠡᠷᠡᠭᠵᠢᠭᠦᠯᠬᠦ ᠲᠥᠰᠥᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
《ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠠᠵᠤ ᠦᠢ᠍ᠯᠡᠰ᠎ᠤᠨ ᠵᠢᠯᠤᠭᠣᠳᠬᠤ ᠭᠠᠷᠴᠠᠭ (2024 ᠣᠨ᠎ᠤ ᠬᠡᠪᠯᠡᠯ)》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠤ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠪᠡ
 
             蒙ICP备05000248号