ᠥᠪᠥᠷ ᠮᠣᠩᠭᠣᠯ᠎ᠤᠨ ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ》 ᠣᠢ᠌ᠯᠠᠭ᠋ᠠᠭᠳᠠᠬᠤᠨ᠎ᠢ ᠪᠠᠷᠢᠮᠲᠠᠯᠠᠨ᠂ ᠪᠣᠳᠠᠲᠠᠢ᠎ᠳᠤ ᠰᠠᠭᠤᠷᠢᠯᠠᠨ᠂ ᠡᠨᠧᠷᠭᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠤᠨ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠨᠡᠢ᠌ᠭᠡᠮ ᠲᠣᠭᠣᠷᠢᠭ᠎ᠢ ᠪᠠᠢ᠌ᠭᠤᠯᠵᠤ᠂ ᠪᠣᠬᠢᠷᠲᠤᠯ ᠦᠭᠡᠢ ᠦᠢ᠍ᠯᠡᠴᠢᠯᠡᠭᠡᠨ᠎ᠤ ᠦᠢ᠍ᠯᠡᠰ᠎ᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠬᠣᠰᠢᠭᠤ ᠰᠢᠶᠠᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠵᠠᠮ᠎ᠢ ᠴᠢᠷᠮᠠᠢ᠌ᠨ ᠬᠠᠢ᠌ᠨ ᠰᠦᠪᠡᠭᠴᠢᠯᠡᠨ᠎ᠡ᠃
ᠨᠢᠭᠡ᠂ ᠲᠠᠬᠢᠨ ᠡᠭᠦᠰᠴᠦ ᠪᠣᠯᠬᠤ ᠡᠨᠧᠷᠭᠢ ᠵᠢᠨ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠠᠬᠢᠭᠤᠯᠪᠠ
ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠡᠨᠧᠷᠭᠢ ᠵᠢᠨ ᠪᠦᠲᠦᠴᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠵᠢᠨ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠤᠸᠠ ᠨᠧᠩ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ 《ᠥᠩᠭᠡ ᠦᠵᠡᠮᠵᠢ ᠵᠢᠨ ᠨᠥᠭᠡᠴᠡᠯᠡᠯᠲᠡ + ᠤᠰᠤᠲᠥ᠋ᠷᠥᠭᠴᠢ ᠦᠢ᠍ᠯᠡᠳᠬᠦ》 ᠵᠢ ᠨᠢᠭᠡ ᠴᠣᠭᠴᠠᠵᠢᠭᠤᠯᠬᠤ (ᠨᠢᠭᠡᠳᠦᠭᠡᠷ ᠬᠤᠭᠤᠴᠠᠭ᠋ᠠᠨ᠎ᠤ 200MW) ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠵᠤ᠂ ᠪᠦᠦ ᠯᠦᠩ ᠱᠠᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠤᠨ ᠴᠠᠬᠢᠯᠭ᠋ᠠᠨ ᠬᠡᠷᠡᠭᠯᠡᠬᠦ ᠵᠢᠴᠢ ᠴᠠᠬᠢᠯᠭ᠋ᠠᠨ ᠵᠶ᠋ᠠᠷ ᠵᠠᠳᠠᠯᠬᠤ ᠤᠰᠤ᠎ᠪᠠᠷ ᠤᠰᠤᠲᠥ᠋ᠷᠥᠭᠴᠢ ᠦᠢ᠍ᠯᠡᠳᠬᠦ ᠲᠥᠷᠥᠯ ᠵᠦᠢ᠍ᠯ᠎ᠤᠨ ᠴᠠᠬᠢᠯᠭ᠋ᠠᠨ ᠬᠡᠷᠡᠭᠯᠡᠬᠦ᠎ᠳᠤ ᠳᠡᠮᠵᠢᠯᠭᠡ ᠬᠠᠩᠭ᠋ᠠᠪᠠ᠃ ᠬᠤᠸᠠ ᠲᠤᠭᠤᠯ ᠪᠠᠯᠭ᠋ᠠᠰᠤᠨ᠎ᠤ ᠶᠡᠷᠦᠩᠬᠡᠢ᠌ᠯᠡᠭᠰᠡᠨ ᠣᠶᠤᠨᠲᠤ ᠡᠨᠧᠷᠭᠢ ᠵᠢᠨ ᠳᠦᠷᠦᠯ ᠵᠦᠢ᠍ᠯ᠎ᠢ ᠪᠠᠢ᠌ᠭᠤᠯᠵᠤ᠂ ᠰᠢᠶᠠᠨ᠎ᠤ ᠬᠡᠪᠴᠢᠶᠡᠨ᠎ᠤ ᠶᠡᠷᠦᠩᠬᠡᠢ᠌ᠯᠡᠭᠰᠡᠨ ᠣᠶᠤᠨᠲᠤ ᠡᠨᠧᠷᠭᠢ ᠵᠢᠨ ᠨᠡᠭᠡᠭᠡᠨ ᠬᠥᠭᠵᠢᠭᠦᠯᠦᠯᠲᠡ ᠵᠢᠨ ᠪᠦᠲᠦᠭᠡᠨ ᠪᠠᠢ᠌ᠭᠤᠯᠤᠯᠲᠠ ᠪᠣᠯᠣᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠬᠤᠸᠠ ᠳ᠋ᠢᠶᠠᠨ ᠳᠠᠯᠵᠢ ᠵᠢᠨ ᠡᠮᠦᠨᠡᠬᠢ ᠬᠣᠶᠠᠳᠤᠭ᠋ᠠᠷ ᠬᠤᠭᠤᠴᠠᠭ᠋ᠠᠨ᠎ᠤ 100MW ᠰᠠᠯᠬᠢᠨ ᠬᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ᠎ᠤᠨ ᠪᠥᠬᠥ ᠪᠠᠭᠲᠠᠭ᠋ᠠᠮᠵᠢ ᠵᠢ ᠲᠣᠣᠷ᠎ᠲᠤ ᠨᠡᠢ᠌ᠯᠡᠭᠦᠯᠦᠨ ᠴᠠᠬᠢᠯᠭ᠋ᠠᠨ ᠭᠠᠷᠭ᠋ᠠᠬᠤ ᠵᠢ ᠠᠬᠢᠭᠤᠯᠵᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠣᠲᠣ ᠦᠶ᠎ᠡ ᠵᠢᠨ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠤᠢ ᠪᠣᠯᠭ᠋ᠠᠪᠠ᠃ 2023 ᠣᠨ᠎ᠤ 1 — 6 ᠰᠠᠷ᠎ᠠ᠎ᠳᠤ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠨᠠᠢ᠌ᠳᠠ 17.4 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 16%᠎ᠪᠠᠷ ᠳᠡᠭᠡᠭᠰᠢᠯᠡᠵᠡᠢ᠃
ᠬᠣᠶᠠᠷ᠂ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠭᠦᠨᠵᠡᠭᠡᠢ ᠠᠬᠢᠭᠤᠯᠪᠠ
ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠲᠦᠰᠢᠭᠯᠡᠨ᠂ ᠪᠥᠬᠥ ᠬᠣᠰᠢᠭᠤᠨ᠎ᠤ ᠬᠡᠪᠴᠢᠶᠡᠨ᠎ᠳᠤ ᠭᠦᠶᠦᠬᠡᠨ ᠪᠤᠯᠠᠵᠤ ᠳᠤᠰᠤᠯᠭ᠋ᠠᠨ ᠤᠰᠤᠯᠠᠵᠤ ᠤᠰᠤ ᠠᠷᠪᠢᠯᠠᠬᠤ᠂ ᠳᠠᠭ᠋ᠠᠭᠤᠯᠢ ᠣᠲᠣ᠎ᠪᠠᠷ ᠵᠠᠮᠴᠢᠯᠠᠨ ᠨᠠᠷᠢᠯᠢᠭ ᠲᠠᠷᠢᠬᠤ᠂ ᠠᠮᠢᠳᠤ ᠪᠣᠳᠠᠰ ᠵᠶ᠋ᠠᠷ ᠤᠷᠢᠳᠴᠢᠯᠠᠨ ᠰᠡᠷᠡᠮᠵᠢᠯᠡᠭᠦᠯᠵᠦ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ᠂ ᠶᠠᠰᠤ ᠴᠢᠨᠠᠷ᠎ᠢ ᠥᠭᠰᠥᠨ ᠬᠠᠮᠢᠶᠠᠷᠤᠨ ᠣᠶᠤᠨᠴᠢ᠎ᠪᠠᠷ ᠲᠠᠷᠢᠬᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠣᠶᠤᠨᠴᠢ᠎ᠪᠠᠷ ᠤᠰᠤᠯᠠᠬᠤ ᠵᠡᠷᠭᠡ ᠲᠡᠷᠢᠭᠦᠨ᠎ᠤ ᠲᠠᠷᠢᠬᠤ᠂ ᠤᠰᠤᠯᠠᠬᠤ᠂ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠮᠡᠷᠭᠡᠵᠢᠯ᠎ᠢ ᠳᠡᠯᠭᠡᠷᠡᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠂ ᠬᠠᠮᠢᠶᠠᠷᠤᠯᠲᠠ᠂ ᠲᠣᠨᠣᠭ ᠲᠥᠬᠦᠭᠡᠷᠦᠮᠵᠢ ᠵᠢ ᠨᠠᠭᠦᠷᠡᠰᠦᠲᠦ᠋ᠷᠦᠭᠴᠢ ᠪᠠᠭ᠎ᠠ ᠪᠣᠯᠭ᠋ᠠᠬᠤ ᠵᠢ ᠪᠡᠶᠡᠯᠡᠭᠦᠯᠪᠡ᠃ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠪᠤᠯᠪᠠᠰᠤᠷᠠᠯ᠎ᠤᠨ ᠲᠥᠪ ᠪᠠ ᠲᠠᠷᠢᠶᠠᠯᠠᠩ᠎ᠤᠨ ᠲᠤᠰᠬᠠᠢ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢ ᠪᠠᠢ᠌ᠭᠤᠯᠵᠤ᠂ ᠭᠣᠣᠯᠳᠠᠯᠭ᠎ᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠎ᠤ ᠪᠦᠯᠬᠦᠮ᠎ᠢ ᠤᠷᠢᠵᠤ᠂ ᠤᠰᠤ ᠠᠷᠪᠢᠯᠠᠬᠤ᠂ ᠲᠠᠷᠢᠶᠠᠯᠠᠩ᠎ᠤᠨ ᠮᠡᠷᠭᠡᠵᠢᠯ᠂ ᠲᠠᠷᠢᠶᠠᠯᠠᠩ᠎ᠤᠨ ᠮᠠᠰᠢᠨ᠂ ᠤᠷᠭᠤᠮᠠᠯ᠎ᠤᠨ ᠬᠠᠮᠠᠭ᠋ᠠᠯᠠᠯᠲᠠ᠂ ᠪᠣᠷᠳᠣᠭᠤᠷ ᠣᠷᠣᠭᠤᠯᠬᠤ ᠪᠠ ᠲᠣᠭ᠋ᠠᠴᠢᠯᠠᠭᠰᠠᠨ ᠲᠠᠷᠢᠶᠠᠯᠠᠩ ᠵᠡᠷᠭᠡ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠵᠦ᠂ ᠲᠤᠷᠰᠢᠯᠲᠠ᠂ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠲᠦᠷᠭᠡᠳᠬᠡᠨ ᠪᠠᠢ᠌ᠭᠤᠯᠪᠠ᠃ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ᠂ ᠬᠡᠪᠴᠢᠶᠡᠵᠢᠭᠦᠯᠦᠭᠰᠡᠨ ᠭᠡᠷ ᠪᠦᠯᠢ ᠵᠢᠨ ᠠᠮᠢ ᠠᠬᠤᠢ ᠵᠢᠨ ᠮᠠᠯᠵᠢᠯ᠎ᠤᠨ ᠲᠠᠯᠠᠪᠠᠢ᠂ ᠲᠡᠵᠢᠭᠡᠨ ᠦᠷᠡᠵᠢᠭᠦᠯᠬᠦ ᠭᠣᠣᠯᠳᠠᠯᠭ᠎ᠠ᠎ᠲᠠᠢ ᠡᠷᠦᠬᠡ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠢᠨᠵᠧᠨᠧᠷᠢᠩ᠎ᠲᠠᠢ ᠤᠶᠠᠯᠳᠤᠭᠤᠯᠤᠨ᠂ ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ᠂ ᠪᠠᠭ᠋ᠠᠰᠤᠨ ᠪᠣᠬᠢᠷᠲᠤᠯ᠎ᠢ ᠤᠢ᠌ᠷᠠᠯᠴᠠᠭ᠎ᠠ ᠭᠠᠵᠠᠷ᠎ᠲᠤᠨᠢ ᠢᠯᠵᠢᠷᠡᠭᠦᠯᠦᠨ ᠪᠣᠯᠪᠠᠰᠤᠷᠠᠭᠤᠯᠵᠤ ᠲᠠᠷᠢᠶᠠᠨ ᠭᠠᠵᠠᠷ᠎ᠲᠤᠨᠢ ᠪᠤᠴᠠᠭ᠋ᠠᠨ ᠠᠰᠢᠭᠯᠠᠬᠤ ᠵᠢ ᠳᠡᠯᠭᠡᠷᠡᠭᠦᠯᠵᠦ᠂ ᠮᠧᠲ᠋ᠠᠨ ᠪᠠ ᠠᠽᠣᠲ᠎ᠤᠨ ᠳᠤᠲᠠᠭᠤ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠪᠠ᠃ ᠣᠳᠣᠬᠠᠨ᠎ᠳᠤ᠂ 7 ᠲᠣᠮᠣ ᠬᠡᠯᠪᠡᠷᠢ ᠵᠢᠨ ᠲᠡᠵᠢᠭᠡᠨ ᠦᠷᠡᠵᠢᠭᠦᠯᠬᠦ ᠲᠠᠯᠠᠪᠠᠶ ᠪᠠ 198 ᠳᠤᠮᠳᠠ ᠵᠢᠵᠢᠭ ᠬᠡᠯᠪᠡᠷᠢ ᠵᠢᠨ ᠲᠡᠵᠢᠭᠡᠨ ᠦᠷᠡᠵᠢᠭᠦᠯᠬᠦ ᠲᠠᠯᠠᠪᠠᠶ᠎ᠨᠢ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠪᠡᠶᠡᠯᠡᠭᠦᠯᠵᠦ᠂ ᠪᠥᠬᠥ ᠬᠣᠰᠢᠭᠤᠨ᠎ᠤ ᠬᠡᠪᠴᠢᠶᠡᠨ᠎ᠳᠤ ᠲᠡᠵᠢᠭᠡᠨ ᠦᠷᠡᠵᠢᠭᠦᠯᠬᠦ ᠲᠠᠯᠠᠪᠠᠶ ᠵᠢᠨ ᠪᠠᠭ᠋ᠠᠰᠤᠨ ᠪᠣᠬᠢᠷᠲᠤᠯ᠎ᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢᠨ ᠲᠥᠬᠥᠷᠵᠢᠭᠦᠯᠦᠯᠲᠡ ᠵᠢᠨ ᠨᠣᠷᠮ᠎ᠠ 100%᠎ᠳᠤ ᠬᠦᠷᠴᠦ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 90.21%᠎ᠳᠤ ᠬᠥᠷᠪᠡ᠃
ᠭᠤᠷᠪᠠ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠨᠡᠢ᠌ᠭᠡᠮ ᠲᠣᠭᠣᠷᠢᠭ᠎ᠢ ᠬᠦᠴᠦᠯᠡᠨ ᠪᠠᠢ᠌ᠭᠤᠯᠪᠠ
ᠪᠦᠦ ᠯᠦᠩ ᠱᠠᠨ᠎ᠤ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠋ᠠᠳᠬᠠᠵᠤ ᠬᠡᠯᠬᠢᠶ᠎ᠡ ᠵᠢ ᠨᠥᠬᠥᠪᠦᠷᠢᠯᠡᠬᠦ ᠪᠠ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠷᠣᠢ ᠵᠢᠨ ᠳᠠᠪᠬᠤᠷᠭ᠎ᠠ ᠵᠢᠨ ᠲᠥᠯᠦᠪᠵᠢᠭᠦᠯᠭᠡ ᠵᠢ ᠠᠬᠢᠭᠤᠯᠵᠤ᠂ 《ᠡᠬᠢ ᠡᠭᠦᠰᠦᠯ᠎ᠢ᠎ᠨᠢ ᠠᠳᠬᠤᠬᠤ᠂ ᠠᠮᠢ ᠠᠬᠤᠢ ᠵᠢ ᠬᠠᠮᠠᠭ᠋ᠠᠯᠠᠬᠤ᠂ ᠲᠣᠭᠲᠠᠴᠠ ᠵᠢ ᠠᠮᠢᠳᠤᠯᠢᠭ ᠪᠣᠯᠭ᠋ᠠᠬᠤ᠂ ᠰᠦᠯᠵᠢᠶᠡᠨ ᠳᠡᠭᠡᠷ᠎ᠡ ᠴᠢᠳᠠᠪᠤᠷᠢ ᠣᠯᠭᠣᠬᠤ᠂ ᠰᠠᠨᠠᠭ᠋ᠠᠴᠢᠯᠠᠨ ᠦᠢ᠍ᠯᠡᠳᠦᠯᠭᠡᠵᠢᠭᠦᠯᠬᠦ》 ᠲᠠᠪᠤᠨ ᠲᠠᠯ᠎ᠠ᠎ᠠᠴᠠ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠠᠵᠤ ᠦᠢ᠍ᠯᠡᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ᠂ ᠡᠨᠧᠷᠭᠢ ᠵᠢᠨ ᠰᠤᠷᠪᠤᠯᠵᠢ ᠵᠢ ᠴᠡᠪᠡᠷ ᠪᠥᠭᠡᠳ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠤᠨ ᠠᠰᠢᠭᠯᠠᠬᠤ᠂ ᠰᠠᠭᠤᠷᠢ ᠲᠥᠬᠦᠭᠡᠷᠦᠮᠵᠢ ᠵᠢᠨ ᠪᠣᠬᠢᠷᠲᠤᠯ ᠦᠭᠡᠢ ᠪᠥᠭᠡᠳ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠤᠨ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠪᠡ᠃ ᠪᠦᠦ ᠺᠠᠩ ᠵᠡᠭᠡᠯᠢ ᠭᠤᠳᠤᠮᠵᠢ ᠵᠢᠨ ᠳᠠᠷᠬᠠᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠡᠨᠧᠷᠭᠢ ᠬᠡᠷᠡᠭᠯᠡᠬᠦ ᠲᠥᠬᠦᠭᠡᠷᠦᠮᠵᠢ ᠵᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠪᠣᠯᠭ᠋ᠠᠨ ᠥᠭᠡᠷᠡᠴᠢᠯᠡᠬᠦ ᠵᠢ ᠥᠷᠨᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠬᠢᠭᠡᠳ ᠪᠠᠷᠢᠯᠭ᠎ᠠ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠳᠦᠷᠦᠯ ᠵᠦᠢ᠍ᠯ᠎ᠢ ᠬᠡᠷᠡᠭᠵᠢᠭᠦᠯᠪᠡ; ᠨᠡᠢ᠌ᠭᠡᠮ ᠲᠣᠭᠣᠷᠢᠭ᠎ᠤᠨ ᠳᠣᠲᠣᠷ᠎ᠠ ᠴᠠᠬᠢᠯᠭ᠋ᠠᠨ ᠴᠡᠨᠡᠭᠯᠡᠬᠦ ᠪᠠᠭ᠋ᠠᠨ᠎ᠠ ᠤᠭᠰᠠᠷᠠᠵᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠤᠯᠠᠨ ᠨᠠᠢ᠌ᠳᠠ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠵᠢ ᠲᠣᠬᠢᠷᠠᠭᠤᠯᠵᠤ᠂ ᠨᠡᠢ᠌ᠭᠡᠮ ᠲᠣᠭᠣᠷᠢᠭ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠋ᠠᠨ᠎ᠤ ᠰᠢᠰᠲ᠋ᠧᠮ᠎ᠢ ᠪᠠᠢ᠌ᠭᠤᠯᠪᠠ; ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ ᠬᠢᠭᠡᠳ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠲᠠᠪᠴᠠᠩ᠎ᠢ ᠪᠦᠲᠦᠭᠡᠨ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠵᠥᠭᠡᠯᠡᠨ ᠲᠣᠨᠣᠭ᠎ᠢ ᠨᠡᠭᠡᠭᠡᠨ ᠬᠥᠭᠵᠢᠭᠦᠯᠵᠦ᠂ ᠨᠡᠢ᠌ᠭᠡᠮ ᠲᠣᠭᠣᠷᠢᠭ᠎ᠤᠨ ᠠᠳᠠᠯ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠣᠶᠤᠨᠴᠢ᠎ᠪᠠᠷ ᠣᠯᠭᠣᠪᠠ᠃
ᠳᠥᠷᠪᠡ᠂ ᠪᠣᠬᠢᠷᠲᠤᠯ ᠦᠭᠡᠢ ᠦᠢ᠍ᠯᠡᠴᠢᠯᠡᠭᠡᠨ᠎ᠤ ᠦᠢ᠍ᠯᠡᠰ᠎ᠢ ᠢᠳᠡᠪᠬᠢᠲᠡᠢ ᠬᠥᠭᠵᠢᠭᠦᠯᠪᠡ
ᠣᠲᠣ ᠵᠢᠨ ᠪᠠᠢ᠌ᠭ᠎ᠠ ᠰᠣᠶᠣᠯ᠎ᠤᠨ ᠵᠢᠭᠤᠯᠴᠢᠯᠠᠯ᠎ᠤᠨ ᠡᠬᠢ ᠪᠠᠶᠠᠯᠢᠭ᠎ᠲᠠᠭᠠᠨ ᠲᠦᠰᠢᠭᠯᠡᠨ᠂ ᠬᠣᠷᠴᠢᠨ ᠨᠤᠭᠤ ᠭᠠᠵᠠᠷ ᠬᠢᠭᠡᠳ ᠪᠦᠦ ᠺᠠᠩ ᠪᠠᠯᠭ᠋ᠠᠰᠤ ᠵᠢᠨ ᠢᠦᠢ ᠳ᠋ᠠᠢ ᠾᠧ ᠴᠡᠴᠡᠷᠯᠢᠭ᠂ ᠷᠦ᠋ ᠢ ᠨᠠᠭᠤᠷ᠎ᠤᠨ ᠨᠤᠭᠤ ᠭᠠᠵᠠᠷ᠂ ᠠᠮᠢ ᠠᠬᠤᠢ ᠵᠢᠨ ᠲᠡᠭᠦᠬᠦ ᠬᠦᠷᠢᠶᠡᠯᠡᠩ ᠵᠡᠷᠭᠡ ᠵᠢ ᠵᠡᠭᠦᠨ ᠬᠡᠰᠡᠭ᠎ᠤᠨ ᠬᠣᠷᠴᠢᠨ ᠨᠤᠭᠤ ᠭᠠᠵᠠᠷ᠎ᠤᠨ ᠠᠮᠢ ᠠᠬᠤᠢ ᠵᠢᠨ ᠵᠢᠭᠤᠯᠴᠢᠯᠠᠯ᠎ᠤᠨ ᠨᠡᠷᠡᠲᠦ ᠲᠡᠮᠳᠡᠭ ᠪᠣᠯᠭ᠋ᠠᠪᠠ; ᠬᠠᠮᠢᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠢ ᠥᠪ ᠬᠥᠷᠥᠩᠭᠡ ᠵᠢᠨ ᠬᠠᠮᠠᠭ᠋ᠠᠯᠠᠯᠲᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠭᠡ᠂ ᠰᠣᠶᠣᠯ᠎ᠤᠨ ᠰᠣᠯᠢᠯᠴᠠᠭ᠎ᠠ᠂ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠠᠮᠢ ᠠᠬᠤᠢ ᠵᠢᠨ ᠵᠢᠭᠤᠯᠴᠢᠯᠠᠯ᠎ᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠬᠡᠯᠪᠡᠷᠢ ᠵᠢᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ ᠪᠣᠯᠭ᠋ᠠᠨ ᠪᠦᠲᠦᠭᠡᠨ ᠪᠠᠢ᠌ᠭᠤᠯᠪᠠ; ᠪᠠᠶᠠᠨᠲᠠᠯ᠎ᠠ ᠵᠢᠨ ᠠᠮᠢ ᠠᠬᠤᠢ ᠵᠢᠨ ᠠᠵᠤ ᠠᠬᠤᠢ ᠵᠢᠨ ᠣᠢ᠂ ᠤᠰᠤᠲᠤ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠪᠣᠬᠢᠷᠲᠤᠯ ᠦᠭᠡᠢ ᠠᠮᠢ ᠠᠬᠤᠢ ᠵᠢᠨ ᠵᠢᠭᠤᠯᠴᠢᠯᠠᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠨᠡᠢ᠌ᠯᠡᠭᠦᠯᠵᠦ᠂ ᠪᠣᠬᠢᠷᠲᠤᠯ ᠦᠭᠡᠢ ᠵᠢᠭᠤᠯᠴᠢᠯᠠᠯ᠎ᠤᠨ ᠨᠡᠷᠡᠲᠦ ᠲᠡᠮᠳᠡᠭ ᠪᠣᠯᠭ᠋ᠠᠪᠠ᠃