ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ᠎ᠬᠢᠨ᠎ᠤ 《ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠭᠣᠢ᠌ᠳᠠ ᠰᠠᠢ᠌ᠬᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2023-08-05

      2023 ᠣᠨ᠎ᠤ 7 ᠰᠠᠷ᠎ᠠ ᠵᠢᠨ 12 ᠎ᠤᠨ ᠡᠳᠦᠷ ᠪᠣᠯ ᠠᠷᠪᠠᠨ ᠨᠢᠭᠡᠳᠡᠬᠢ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠳᠠ ᠵᠢᠨ᠎ᠬᠢᠨ 《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ》 ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ᠎ᠪᠠᠷ ᠤᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠎ᠠ᠎ᠨᠤᠭᠤᠳ᠎ᠢ ᠥᠷᠨᠢᠭᠦᠯᠵᠡᠢ᠃

      ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠴᠠᠭ ᠠᠭᠤᠷ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠪᠣᠯᠣᠨ ᠣᠷᠴᠢᠨ ᠲᠣᠭᠣᠷᠢᠨ᠎ᠤ ᠪᠡᠯᠡ ᠣᠷᠣᠭᠤᠯᠤᠯᠲᠠ ᠵᠢᠨ ᠺᠣᠮᠫᠠᠨᠢ᠎ᠲᠠᠢ ᠬᠠᠮᠲᠤᠷᠠᠨ ᠬᠤᠳᠠ ᠵᠢᠨ ᠠᠷᠠᠳ᠎ᠤᠨ ᠠᠭᠤᠳᠠᠮ ᠲᠠᠯᠠᠪᠠᠢ᠎ᠳᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠶᠠᠪᠤᠭᠳᠠᠭᠤᠯᠵᠠᠢ᠃ ᠶᠣᠰᠣᠯᠠᠯ᠎ᠤᠨ ᠲᠤᠬᠠᠢ ᠵᠢᠨ ᠲᠠᠯᠠᠪᠠᠢ᠎ᠳᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠵᠠᠰᠠᠭ᠎ᠤᠨ ᠣᠷᠳᠣᠨ ᠵᠢᠴᠢ ᠤᠯᠤᠰ᠎ᠤᠨ ᠡᠨᠧᠷᠭᠢ ᠵᠢᠨ ᠲᠦᠩᠯᠢᠶᠣᠣ ᠵᠢᠨ ᠠᠮᠢᠳᠤ ᠪᠣᠳᠠᠰ᠎ᠤᠨ ᠬᠢᠵᠠᠭ᠋ᠠᠷᠲᠤ ᠺᠣᠮᠫᠠᠨᠢ ᠲᠣᠰ ᠲᠣᠰ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠣᠰᠢᠭᠤ ᠰᠢᠶᠠᠨ᠎ᠤ ᠲᠤᠷᠰᠢᠯᠲᠠ ᠵᠢᠨ ᠴᠡᠭ ᠪᠣᠯᠣᠨ 《ᠨᠠᠭᠦᠷᠡᠰᠦᠲᠦ᠋ᠷᠦᠭᠴᠢ ᠵᠢ ᠬᠤᠷᠢᠶᠠᠬᠤ᠂ ᠠᠰᠢᠭᠯᠠᠬᠤ ᠪᠠ ᠪᠢᠲᠡᠭᠦᠮᠵᠢᠯᠡᠬᠦ》 ᠮᠡᠷᠭᠡᠵᠢᠯ᠎ᠤᠨ ᠲᠣᠭᠣᠷᠢᠨ᠎ᠳᠤ 《ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠢ ᠪᠢᠳᠠ ᠤᠷᠢᠳᠠᠪᠠᠷ ᠬᠡᠷᠡᠭᠵᠢᠭᠦᠯᠬᠦ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠬᠢᠵᠦ᠂ 《ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠎ᠠᠴᠠ ᠣᠢ᠌ᠷᠠᠬᠠᠨ ᠪᠠᠢ᠌ᠬᠤ》 ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠬᠤᠳᠠ ᠵᠢᠨ ᠠᠷᠠᠳ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠦᠢ᠍ᠯᠡᠳᠦᠯᠭᠡᠵᠢᠭᠦᠯᠬᠦ ᠵᠢ ᠰᠠᠨᠠᠭ᠋ᠠᠴᠢᠯᠠᠵᠠᠢ᠃

      ᠠᠯᠠᠱ᠌ᠠ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠡᠨᠧᠷᠭᠢ ᠠᠷᠪᠢᠯᠠᠬᠤ ᠭᠠᠷᠠᠭ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠠᠵᠢᠯ᠎ᠲᠠᠢ ᠤᠶᠠᠯᠳᠤᠭᠤᠯᠵᠤ᠂ 2023 ᠣᠨ᠎ᠤ 《ᠨᠠᠮ᠎ᠤᠨ ᠪᠠᠢ᠌ᠭᠤᠯᠤᠯᠲᠠ ᠵᠢᠨ ᠤᠯᠠᠭ᠋ᠠᠨ ᠥᠩᠭᠡ》᠎ᠠᠴᠠ 《ᠠᠮᠢ ᠠᠬᠤᠢ ᠵᠢᠨ ᠨᠣᠭᠣᠭ᠋ᠠᠨ ᠥᠩᠭᠡ》 ᠵᠢᠨ ᠴᠢᠳᠠᠪᠤᠷᠢ ᠣᠯᠭᠣᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠡᠳᠦᠷ᠂ ᠪᠦᠬᠦ ᠨᠠᠮ᠎ᠤᠨ ᠭᠡᠰᠢᠭᠦᠳ ᠠᠯᠠᠱ᠌ᠠ ᠵᠢᠨ ᠮᠣᠳᠣ ᠳᠠᠷᠢᠬᠤ ᠠᠮᠢ ᠠᠬᠤᠢ ᠵᠢᠨ ᠪᠣᠯᠪᠠᠰᠤᠨ᠎ᠤ ᠦᠢ᠍ᠯᠡᠳᠦᠯᠭᠡ ᠵᠢᠨ ᠬᠥᠮᠦᠵᠢᠯ᠎ᠤᠨ ᠲᠥᠪ᠎ᠲᠤ ᠬᠦᠷᠴᠦ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠰᠠᠨᠠᠭ᠋ᠠᠯᠵᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠣᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠵᠢᠨ ᠬᠠᠮᠲᠤ᠂ 《ᠨᠢᠭᠡ ᠰᠠᠭᠤᠷᠢ ᠮᠣᠳᠣ ᠲᠠᠷᠢᠵᠤ ᠨᠢᠭᠡ ᠬᠤᠪᠢ ᠰᠡᠳᠬᠢᠯ ᠵᠶ᠋ᠡᠨ ᠢᠯᠡᠳᠬᠡᠬᠦ》 ᠲᠤᠰᠬᠠᠢ ᠰᠡᠳᠦᠪᠲᠦ ᠲᠠᠢ᠌ᠯᠤᠮᠵᠢ᠎ᠳᠤ ᠣᠷᠣᠯᠴᠠᠵᠤ᠂ ᠭᠥᠪᠡᠭᠡ ᠵᠢ ᠲᠦᠭᠵᠢᠭᠰᠡᠨ ᠠᠮᠢ ᠠᠬᠤᠢ ᠵᠢᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠣᠢ᠌ᠯᠠᠭ᠋ᠠᠵᠤ᠂ ᠴᠡᠴᠡᠭ ᠲᠠᠷᠢᠬᠤ ᠰᠠᠢ᠍ᠢ᠍ᠨ ᠳᠤᠷ᠎ᠠ ᠵᠢᠨ ᠠᠵᠢᠯᠯᠠᠭ᠎ᠠ ᠵᠢ ᠥᠷᠨᠢᠭᠦᠯᠵᠡᠢ᠃

      ᠬᠥᠯᠥᠨ ᠪᠣᠢ᠌ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠂ ᠬᠤᠳᠠ ᠵᠢᠨ ᠨᠠᠭᠦᠷᠡᠰᠦᠲᠦ᠋ᠷᠦᠭᠴᠢ ᠵᠢ ᠰᠢᠩᠭᠡᠬᠡᠨ ᠠᠪᠬᠤ ᠠᠷᠠᠯᠵᠢᠶ᠎ᠠ ᠵᠢ ᠵᠣᠬᠢᠴᠠᠭᠤᠯᠬᠤ ᠦᠢ᠍ᠯᠡᠴᠢᠯᠡᠭᠡᠨ᠎ᠤ ᠲᠥᠪ᠎ᠤᠨ ᠬᠠᠮᠢᠶ᠎ᠠ ᠪᠦᠬᠦᠢ ᠬᠥᠮᠥᠰ 《ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠎ᠳᠤ ᠥᠪᠡᠷ ᠪᠡᠶ᠎ᠡ᠎ᠠᠴᠠ᠎ᠪᠠᠨ ᠭᠠᠷᠳᠠᠨ᠂ ᠪᠠᠭ᠎ᠠ ᠶᠠᠪᠤᠳᠠᠯ᠎ᠠᠴᠠ ᠡᠬᠢᠯᠡᠨ ᠬᠢᠬᠦ》 ᠨᠠᠭᠦᠷᠡᠰᠦᠲᠦ᠋ᠷᠦᠭᠴᠢ ᠪᠠᠭ᠎ᠠ ᠣᠷᠴᠢᠨ ᠲᠣᠭᠣᠷᠢᠨ᠎ᠢ ᠬᠠᠮᠠᠭ᠋ᠠᠯᠠᠬᠤ ᠰᠠᠨᠠᠭ᠋ᠠᠴᠢᠯᠠᠭ᠎ᠠ ᠵᠢᠨ ᠪᠢᠴᠢᠭ᠎ᠢ ᠤᠩᠰᠢᠭᠰᠠᠨ᠎ᠤ ᠬᠠᠮᠲᠤ ᠬᠣᠭ ᠨᠣᠪᠰᠢ ᠵᠢ ᠴᠡᠪᠡᠷᠯᠡᠬᠦ ᠪᠠ ᠢᠳᠡᠷᠡᠭᠦᠨ ᠠᠯᠬᠤᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠤᠳᠠ ᠵᠢᠨ ᠠᠷᠠᠳ᠎ᠤᠨ ᠡᠷᠬᠢᠨ ᠲᠣᠭᠣᠷᠢᠨ᠎ᠤ ᠣᠷᠴᠢᠨ ᠲᠣᠭᠣᠷᠢᠨ ᠵᠶ᠋ᠠᠨ ᠨᠠᠨᠳᠢᠩᠨᠠᠨ ᠬᠠᠢ᠌ᠷᠠᠯᠠᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠢ ᠦᠢ᠍ᠯᠡᠳᠦᠯᠭᠡᠵᠢᠭᠦᠯᠬᠦ ᠵᠢ ᠬᠥᠲᠥᠯᠥᠨ ᠳᠠᠭ᠋ᠠᠭᠤᠯᠵᠠᠢ᠃

      ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠴᠢᠩ ᠱᠠᠨ ᠬᠤᠪᠢᠶᠠᠷᠢ ᠲᠣᠪᠴᠢᠶ᠎ᠠ᠂ ᠪᠤᠭᠤᠲᠤ ᠬᠤᠳᠠ ᠵᠢᠨ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠠᠵᠢᠯ ᠳᠦᠷᠦᠯ᠎ᠤᠨ ᠨᠡᠢ᠌ᠭᠡᠮᠯᠢᠭ᠎ᠲᠠᠢ ᠬᠠᠮᠲᠤᠷᠠᠨ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠭᠣᠣᠯ ᠰᠡᠳᠦᠪᠲᠦ ᠲᠣᠭᠯᠠᠯᠲᠠ ᠵᠢᠨ ᠠᠵᠢᠯᠯᠠᠭ᠎ᠠ ᠵᠢ ᠡᠷᠬᠢᠯᠡᠵᠦ᠂ ᠬᠤᠳᠠᠯᠳᠤᠭ᠋ᠠᠨ᠎ᠤ ᠲᠠᠯᠠᠪᠤᠷ᠂ ᠬᠤᠳᠠᠯᠳᠤᠭ᠋ᠠᠨ᠎ᠤ ᠳᠡᠯᠭᠡᠭᠦᠷ᠎ᠲᠤ ᠬᠦᠷᠴᠦ ᠬᠤᠳᠠᠯᠳᠤᠭ᠋ᠠᠨ᠎ᠤ ᠡᠷᠦᠬᠡ᠎ᠳᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠢ᠌ᠯᠠᠭ᠋ᠠᠭᠳᠠᠬᠤᠨ᠎ᠢ ᠤᠬᠠᠭᠤᠯᠵᠤ᠂ ᠰᠤᠷᠭ᠋ᠠᠭᠤᠯᠢ᠎ᠳᠤ ᠬᠦᠷᠴᠦ ᠰᠤᠷᠤᠭᠴᠢᠳ᠎ᠲᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠮᠡᠳᠡᠯᠭᠡ ᠵᠢ ᠲᠦᠭᠡᠮᠡᠯᠵᠢᠭᠦᠯᠪᠡ᠃

      ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠬᠤᠪᠢᠶᠠᠷᠢ ᠲᠣᠪᠴᠢᠶ᠎ᠠ ᠪᠣᠯᠣᠨ ᠬᠣᠰᠢᠭᠤᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠬᠠᠮᠲᠤᠷᠠᠨ ᠬᠠᠰᠠᠷ ᠠᠭᠤᠳᠠᠮ ᠲᠠᠯᠠᠪᠠᠢ᠎ᠳᠤ 2023 ᠣᠨ᠎ᠤ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠡᠷᠬᠢᠯᠡᠪᠡ᠃ ᠬᠣᠰᠢᠭᠤᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠳᠡᠳ᠋ ᠳᠠᠷᠤᠭ᠎ᠠ ᠸᠠᠩ ᠰᠢᠶᠣᠣ ᠭᠤᠸᠠᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠨ ᠶᠠᠷᠢᠶ᠎ᠠ ᠲᠠᠯᠪᠢᠵᠤ᠂ 22 ᠰᠠᠯᠠᠭ᠎ᠠ ᠮᠥᠴᠢᠷ ᠮᠠᠲ᠋ᠧᠷᠢᠶᠠᠯ ᠲᠠᠷᠬᠠᠭ᠋ᠠᠬᠤ᠂ ᠦᠵᠡᠭᠦᠯᠭᠡ ᠵᠢᠨ ᠰᠠᠮᠪᠠᠷ᠎ᠠ ᠭᠠᠷᠭ᠋ᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ᠎ᠪᠠᠷ ᠤᠬᠠᠭᠤᠯᠭ᠎ᠠ ᠥᠷᠨᠢᠭᠦᠯᠵᠦ᠂ ᠠᠵᠢᠯᠯᠠᠭ᠎ᠠ ᠵᠢᠨ ᠲᠤᠬᠠᠢ ᠵᠢᠨ ᠲᠠᠯᠠᠪᠠᠶ᠎ᠳᠤ ᠨᠠᠢ᠌ᠳᠠ 500 ᠭᠠᠷᠤᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠠᠢ᠃

      ᠪᠤᠰᠤᠳ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠵᠤ ᠠᠬᠤᠢ᠌ᠯᠠᠯ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠬᠠᠭᠤᠯᠵᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠳᠡᠯᠭᠡ ᠵᠢ ᠤᠯᠠᠮᠵᠢᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠦᠭᠡᠢ᠎ᠪᠠᠷ ᠬᠥᠭᠵᠢᠭᠦᠯᠬᠦ》 ᠠᠭᠤᠯᠤᠭᠳᠠᠬᠤᠨ᠎ᠢ ᠪᠠᠷᠢᠮᠲᠠᠯᠠᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠣᠰᠢᠭᠤ ᠰᠢᠶᠠᠨ᠎ᠤ ᠲᠤᠷᠰᠢᠯᠲᠠ ᠵᠢᠨ ᠴᠡᠭ᠎ᠢ ᠡᠭᠦᠳᠦᠨ᠎ᠡ
《ᠳᠤᠮᠳᠠᠳᠤ ᠤᠯᠤᠰ᠎ᠤᠨ ᠬᠦᠢ᠍ᠲᠡᠨ ᠲᠤᠢ᠌ᠯ》 — ᠭᠡᠭᠡᠨ ᠭᠣᠣᠯ ᠬᠤᠳᠠ ᠵᠢᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠵᠠᠮ
2023 ᠣᠨ᠎ᠤ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ  ᠲᠣᠭᠣᠷᠢᠨ᠎ᠤ ᠲᠢᠩᠬᠢᠮ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠵᠡᠷᠭᠡ᠎ᠪᠠᠷ ᠵᠣᠬᠢᠶᠠᠨ ᠪᠠᠢ᠌ᠭᠤᠯᠵᠤ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤ ᠎ᠪᠠᠷ ᠬᠦᠴᠦᠯᠡᠨ 2023 ᠣᠨ᠎ᠤ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠪᠡᠯᠡᠳᠬᠡᠪᠡ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ ᠴᠠᠭ ᠠᠭᠤᠷ᠎ᠤᠨ ᠲᠣᠪᠴᠢᠶ᠎ᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠬᠣᠯᠪᠣᠭᠳᠠᠯ ᠪᠦᠬᠦᠢ ᠵᠦᠢ᠍ᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
             蒙ICP备05000248号