ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
2023 ᠣᠨ᠎ᠤ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ  ᠲᠣᠭᠣᠷᠢᠨ᠎ᠤ ᠲᠢᠩᠬᠢᠮ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠵᠡᠷᠭᠡ᠎ᠪᠠᠷ ᠵᠣᠬᠢᠶᠠᠨ ᠪᠠᠢ᠌ᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2023-07-17

      2023 ᠣᠨ᠎ᠤ 7 ᠰᠠᠷ᠎ᠠ ᠵᠢᠨ 12 ᠎ᠤᠨ ᠡᠳᠦᠷ ᠪᠣᠯ ᠠᠷᠪᠠᠨ ᠨᠢᠭᠡᠳᠡᠬᠢ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠂ ᠠᠭᠤᠷ ᠠᠮᠢᠰᠬᠤᠯ᠎ᠤᠨ ᠬᠤᠪᠢᠷᠠᠯᠲᠠ ᠵᠢ  ᠠᠷᠭ᠋ᠠᠴᠠᠭ᠋ᠠᠬᠤ ᠮᠡᠳᠡᠯᠭᠡ ᠵᠢ ᠲᠦᠭᠡᠮᠡᠯᠵᠢᠭᠦᠯᠵᠦ᠂ ᠪᠦᠬᠦ ᠠᠷᠠᠳ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ  《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ》 ᠭᠣᠣᠯ ᠰᠡᠳᠦᠪ᠎ᠤᠨ ᠲᠣᠭᠣᠷᠢᠨ᠎ᠳᠤ᠂ ᠠᠯᠢ ᠤᠯᠠᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠵᠡᠢ᠃

      ᠨᠢᠭᠡ᠂ 《ᠰᠦᠯᠵᠢᠶᠡᠨ ᠳᠡᠭᠡᠷᠡᠬᠢ》 ᠤᠬᠠᠭᠤᠯᠭ᠎ᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠢ᠌ᠯᠠᠭ᠋ᠠᠭᠳᠠᠬᠤᠨ᠎ᠢ ᠰᠠᠨᠠᠭ᠋ᠠᠴᠢᠯᠠᠪᠠ᠃ 《ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ》  ᠬᠣᠣᠰ ᠵᠢᠷᠭᠢᠶ᠎ᠡ ᠵᠢᠨ ᠲᠠᠪᠴᠠᠩ᠎ᠳᠤ 《ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ》᠎ᠤᠨ ᠲᠤᠰᠬᠠᠢ ᠪᠤᠯᠤᠩ ᠭᠠᠷᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠵᠢᠷᠤᠭ᠂ ᠤᠬᠠᠭᠤᠯᠭ᠎ᠠ ᠵᠢᠨ ᠸᠢᠳᠢᠤ᠋ ᠵᠢ ᠳᠠᠮᠵᠢᠭᠤᠯᠤᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠰᠡᠳᠦᠪᠲᠦ ᠵᠠᠷᠯᠠᠯ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠣᠰᠢᠭᠤ ᠰᠢᠶᠠᠨ᠎ᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ᠃ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠬᠣᠷᠢᠶ᠎ᠠ ᠵᠢ ᠤᠷᠢᠵᠤ ᠨᠠᠢ᠌ᠳᠠ ᠵᠢᠨ ᠠᠰᠠᠷᠠᠮᠵᠢ ᠵᠢᠨ ᠣᠬᠣᠷ ᠸᠢᠳᠢᠤ᠋ ᠵᠢ ᠰᠡᠭᠦᠳᠡᠷᠯᠡᠨ ᠦᠢ᠍ᠯᠡᠳᠬᠦ᠎ᠳᠤ ᠬᠠᠮᠵᠢᠯᠴᠠᠭᠤᠯᠤᠨ᠂ 《ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠪᠥᠬᠥ ᠠᠷᠠᠳ᠎ᠤᠨ ᠠᠵᠢᠯᠯᠠᠭ᠎ᠠ》 ᠵᠢᠨ ᠰᠠᠨᠠᠭ᠋ᠠᠴᠢᠯᠠᠭ᠎ᠠ ᠵᠢ ᠡᠭᠦᠰᠬᠡᠨ᠂ ᠤᠯᠠᠨ ᠨᠠᠢ᠌ᠳᠠ ᠵᠢᠨ ᠡᠨᠧᠷᠭᠢ ᠡᠬᠢ ᠪᠠᠶᠠᠯᠢᠭ᠎ᠢ ᠠᠷᠪᠢᠯᠠᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠶᠠᠯᠠᠯ᠎ᠢ ᠰᠣᠩᠭᠣᠬᠤ᠂ ᠪᠣᠬᠢᠷᠲᠤᠯ ᠦᠭᠡᠢ ᠬᠡᠷᠡᠭᠯᠡᠭᠡ ᠵᠢ ᠦᠢ᠍ᠯᠡᠳᠦᠯᠭᠡᠵᠢᠭᠦᠯᠬᠦ ᠵᠢ ᠰᠠᠨᠠᠭ᠋ᠠᠴᠢᠯᠠᠪᠠ᠃

      ᠬᠣᠶᠠᠷ᠂ 《ᠰᠦᠯᠵᠢᠶᠡᠨ ᠭᠠᠳᠠᠨ᠎ᠠ》 ᠵᠢᠨ ᠤᠬᠠᠭᠤᠯᠭ᠎ᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠬᠤ ᠵᠢ ᠠᠬᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠢᠭᠡᠳᠦᠭᠡᠷ ᠳᠠᠪᠬᠤᠷᠯᠢᠭ᠎ᠤᠨ LED ᠳᠡᠯᠭᠡᠴᠡ᠎ᠳᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠤᠬᠠᠭᠤᠯᠭ᠎ᠠ ᠵᠢᠨ ᠸᠢᠳᠢᠤ᠋ ᠵᠢ ᠨᠡᠪᠲᠡᠷᠡᠭᠦᠯᠬᠦ᠂ ᠤᠬᠠᠭᠤᠯᠭ᠎ᠠ ᠵᠢᠨ ᠰᠠᠮᠪᠠᠷ᠎ᠠ ᠪᠠᠢ᠌ᠷᠢᠯᠠᠭᠤᠯᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠵᠢᠨ ᠪᠣᠳᠠᠰ ᠲᠠᠷᠬᠠᠭ᠋ᠠᠬᠤ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠣᠢ᠌ᠯᠠᠭ᠋ᠠᠭᠳᠠᠬᠤᠨ ᠪᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠮᠡᠳᠡᠯᠭᠡ ᠵᠢ ᠤᠬᠠᠭᠤᠯᠵᠤ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠬᠤ ᠵᠢ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠬᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃

      ᠭᠤᠷᠪᠠ᠂ ᠰᠠᠯᠠᠭ᠎ᠠ ᠮᠥᠴᠢᠷ᠎ᠤᠨ ᠬᠠᠮᠲᠤᠷᠠᠯ᠎ᠤᠨ ᠬᠦᠴᠦᠨ᠎ᠢ ᠪᠠᠳᠠᠷᠠᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠮᠡᠳᠡᠯᠭᠡ ᠵᠢ ᠲᠦᠭᠡᠮᠡᠯᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠴᠠᠭ ᠠᠭᠤᠷ᠎ᠤᠨ ᠲᠣᠪᠴᠢᠶ᠎ᠠ᠂ ᠠᠭᠤᠷ ᠠᠮᠢᠰᠬᠤᠯ᠎ᠤᠨ ᠲᠥᠪ᠂ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠎ᠯᠦᠭᠡ ᠬᠠᠮᠲᠤᠷᠠᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠶᠠᠷᠢᠯᠴᠠᠭ᠎ᠠ ᠵᠢᠨ ᠸᠢᠳᠢᠤ᠋ ᠵᠢ ᠦᠢ᠍ᠯᠡᠳᠴᠦ᠂ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠦᠨᠳᠦᠰᠦᠨ ᠤᠬᠠᠭᠳᠠᠬᠤᠨ᠂ ᠥᠪᠥᠷ ᠮᠣᠩᠭᠣᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠠᠶ᠋ᠢᠳᠠᠯ᠂ ᠬᠣᠲᠠ ᠵᠢᠨ ᠠᠭᠤᠷ ᠠᠮᠢᠰᠬᠤᠯ᠎ᠤᠨ ᠤᠶᠠᠨ ᠬᠠᠲᠠᠨ ᠴᠢᠨᠠᠷ᠂ ᠬᠠᠯᠠᠭᠤᠨ ᠲᠤᠰᠤᠯᠲᠠ ᠵᠢᠨ ᠡᠪᠡᠳᠴᠢᠨ᠎ᠢ ᠤᠷᠢᠳᠴᠢᠯᠠᠨ ᠰᠡᠷᠭᠡᠢ᠌ᠯᠡᠬᠦ ᠵᠡᠷᠭᠡ ᠰᠠᠭᠤᠷᠢ ᠮᠡᠳᠡᠯᠭᠡ ᠵᠢ ᠲᠠᠨᠢᠯᠴᠠᠭᠤᠯᠪᠠ᠃

      ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠲᠤᠬᠠᠢ ᠵᠢᠨ ᠡᠳᠦᠷ᠂ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠠᠰᠠ ᠡᠯᠪᠡᠭ ᠪᠠᠶᠠᠯᠢᠭ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠬᠠᠭᠤᠯᠵᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠳᠡᠯᠭᠡ ᠵᠢ ᠤᠯᠠᠮᠵᠢᠯᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠦᠢ᠍ᠯᠡᠳᠦᠯᠭᠡᠵᠢᠭᠦᠯᠬᠦ ᠵᠢ ᠠᠬᠢᠭᠤᠯᠵᠤ᠂ ᠦᠵᠡᠰᠬᠦᠯᠡᠩᠲᠦ ᠰᠠᠢ᠌ᠬᠠᠨ ᠭᠡᠷ ᠣᠷᠣᠨ ᠵᠶ᠋ᠠᠨ ᠬᠠᠮᠲᠤᠪᠠᠷ ᠬᠠᠢ᠌ᠷᠠᠯᠠᠨ ᠬᠠᠮᠠᠭ᠋ᠠᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤ ᠎ᠪᠠᠷ ᠬᠦᠴᠦᠯᠡᠨ 2023 ᠣᠨ᠎ᠤ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠪᠡᠯᠡᠳᠬᠡᠪᠡ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ ᠴᠠᠭ ᠠᠭᠤᠷ᠎ᠤᠨ ᠲᠣᠪᠴᠢᠶ᠎ᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠬᠣᠯᠪᠣᠭᠳᠠᠯ ᠪᠦᠬᠦᠢ ᠵᠦᠢ᠍ᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠮᠤᠵᠢ ᠵᠢᠨ ᠱᠠᠲᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠋ᠠᠨ᠎ᠤ ᠲᠥᠰᠥᠯ᠎ᠢ ᠨᠠᠢ᠌ᠷᠠᠭᠤᠯᠤᠨ ᠪᠢᠴᠢᠬᠦ ᠵᠣᠬᠢᠴᠠᠭᠤᠯᠬᠤ ᠪᠤᠯᠪᠠᠰᠤᠷᠠᠯ᠎ᠳᠤ ᠣᠷᠣᠯᠴᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠨᠠᠮᠴᠠ ᠪᠠᠷᠸ᠎ᠠ — ᠲᠥᠪᠡᠳ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠥᠨᠳᠥᠷᠯᠢᠭ᠎ᠢ ᠡᠭᠦᠳᠦᠨ ᠪᠠᠢ᠌ᠭᠤᠯᠬᠤ ᠶᠠᠷᠢᠶᠠᠨ᠎ᠤ ᠲᠠᠪᠴᠠᠩ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠤᠯᠤᠰ᠎ᠤᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠭᠡᠷ᠎ᠡ ᠭᠦᠢ᠍ᠴᠡᠳᠬᠡᠬᠦ ᠠᠷᠠᠯᠵᠢᠶ᠎ᠠ ᠵᠢᠴᠢ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠡᠷᠭᠢᠯᠡᠪᠡ
 
             蒙ICP备05000248号