2023 ᠣᠨ᠎ᠤ 7 ᠰᠠᠷ᠎ᠠ ᠵᠢᠨ 12 ᠤᠨ ᠡᠳᠦᠷ ᠪᠣᠯ ᠠᠷᠪᠠᠨ ᠨᠢᠭᠡᠳᠡᠬᠢ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ 《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ》 ᠠᠵᠢᠯᠯᠠᠭ᠎ᠠ ᠵᠢᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠵᠤ᠂ 《ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ》 ᠵᠢ ᠤᠶᠠᠯᠳᠤᠭᠤᠯᠤᠭᠰᠠᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ ᠥᠷᠨᠢᠭᠦᠯᠵᠡᠢ᠃
ᠨᠢᠭᠡ᠎ᠳᠤ ᠰᠢᠨ᠎ᠡ ᠵᠠᠭᠤᠴᠢᠯᠠᠭᠤᠷ᠎ᠢ ᠬᠡᠷᠡᠭᠯᠡᠨ᠂ ᠪᠣᠬᠢᠷᠲᠤᠯ ᠦᠭᠡᠢ ᠬᠡᠷᠡᠭᠯᠡᠭᠡ ᠵᠢ ᠬᠥᠲᠥᠯᠥᠨ ᠵᠢᠯᠣᠭᠣᠳᠪᠠ᠃ 《ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠪᠥᠬᠥ ᠠᠷᠠᠳ ᠵᠶ᠋ᠠᠷ ᠵᠶ᠋ᠠᠨ ᠠᠵᠢᠯᠯᠠᠭ᠎ᠠ ᠥᠷᠨᠢᠭᠦᠯᠬᠦ》 ᠰᠠᠨᠠᠭ᠋ᠠᠴᠢᠯᠠᠭ᠎ᠠ ᠵᠢ ᠡᠭᠦᠰᠬᠡᠨ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢ ᠤᠷᠢᠵᠤ ᠨᠠᠢ᠌ᠳᠠ ᠵᠢᠨ ᠠᠰᠠᠷᠠᠮᠵᠢ ᠵᠢᠨ ᠣᠬᠣᠷ ᠸᠢᠳᠢᠤ᠋ ᠵᠢ ᠰᠡᠭᠦᠳᠡᠷᠯᠡᠨ ᠦᠢ᠍ᠯᠡᠳᠴᠦ᠂ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠲᠤᠬᠠᠢ ᠵᠢᠨ ᠡᠳᠦᠷ᠎ᠲᠤ ᠰᠦᠯᠵᠢᠶᠡᠨ᠎ᠤ ᠵᠠᠭᠤᠴᠢᠯᠠᠭᠤᠷ᠎ᠲᠤ ᠳᠡᠯᠭᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠬᠠᠭᠤᠯᠵᠤ᠂ ᠪᠣᠬᠢᠷᠲᠤᠯ ᠦᠭᠡᠢ ᠬᠡᠷᠡᠭᠯᠡᠭᠡᠨ᠎ᠤ ᠥᠷᠲᠡᠭ᠎ᠤᠨ ᠦᠵᠡᠯᠲᠡ ᠵᠢ ᠰᠠᠨᠠᠭ᠋ᠠᠴᠢᠯᠠᠨ᠂ ᠨᠡᠢ᠌ᠭᠡᠮ ᠳᠠᠶᠠᠭ᠋ᠠᠷ᠎ᠲᠤ ᠲᠥᠬᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠳᠡᠯᠭᠡᠷᠡᠭᠦᠯᠪᠡ᠃
ᠬᠣᠶᠠᠷ᠎ᠲᠤ ᠤᠬᠠᠭᠤᠯᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠮᠡᠳᠡᠯᠭᠡ ᠵᠢ ᠲᠦᠭᠡᠮᠡᠯᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠲᠥᠪ᠎ᠲᠠᠢ ᠬᠠᠮᠲᠤᠷᠠᠨ 《ᠤᠯᠠᠨ ᠨᠠᠢ᠌ᠳᠠ ᠵᠢᠨ ᠲᠠᠨᠢᠯᠲᠠ ᠵᠢ ᠳᠡᠭᠡᠭᠰᠢᠯᠡᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ》 ᠰᠣᠷᠪᠤᠯᠵᠢᠯᠠᠭ᠎ᠠ ᠵᠢᠨ ᠲᠥᠷᠥᠯ᠎ᠤᠨ ᠵᠢᠵᠢᠭ ᠸᠢᠳᠢᠤ᠋ ᠵᠢ ᠦᠢ᠍ᠯᠡᠳᠴᠦ᠂ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠲᠤᠬᠠᠢ ᠵᠢᠨ ᠡᠳᠦᠷ᠎ᠲᠤ ᠨᠡᠢ᠌ᠲᠡᠯᠡᠭᠰᠡᠨ᠎ᠨᠢ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠦᠨᠳᠦᠰᠦᠨ ᠤᠬᠠᠭᠳᠠᠬᠤᠨ᠂ ᠥᠪᠥᠷ ᠮᠣᠩᠭᠣᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠦᠨᠳᠦᠰᠦᠨ ᠪᠠᠶ᠋ᠢᠳᠠᠯ᠂ ᠬᠣᠲᠠ ᠵᠢᠨ ᠠᠭᠤᠷ ᠠᠮᠢᠰᠬᠤᠯ᠎ᠤᠨ ᠤᠶᠠᠨ ᠬᠠᠳᠠᠨ ᠴᠢᠨᠠᠷ᠂ ᠬᠠᠯᠠᠭᠤᠨ ᠲᠤᠰᠤᠯᠲᠠ ᠵᠢᠨ ᠡᠪᠡᠳᠴᠢᠨ᠎ᠢ ᠤᠷᠢᠳᠴᠢᠯᠠᠨ ᠰᠡᠷᠭᠡᠢ᠌ᠯᠡᠬᠦ ᠵᠡᠷᠭᠡ ᠰᠠᠭᠤᠷᠢ ᠮᠡᠳᠡᠯᠭᠡ ᠵᠢ ᠰᠤᠷᠪᠤᠯᠵᠢᠯᠠᠨ ᠶᠠᠷᠢᠯᠴᠠᠬᠤ ᠸᠢᠳᠢᠤ᠋ᠢ ᠠᠭᠤᠰᠬᠠᠨ ᠣᠷᠣᠭᠤᠯᠵᠤ᠂ ᠨᠢᠭᠡ ᠠᠰᠠᠭᠤᠯᠲᠠ ᠨᠢᠭᠡ ᠬᠠᠷᠢᠭᠤᠯᠲᠠ ᠵᠢᠨ ᠠᠷᠭ᠎ᠠ ᠮᠠᠶᠢᠭ ᠵᠶ᠋ᠠᠷ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠢ ᠤᠬᠠᠭᠤᠯᠤᠨ ᠲᠦᠭᠡᠮᠡᠯᠵᠢᠭᠦᠯᠵᠦ᠂ ᠤᠯᠠᠨ ᠨᠠᠢ᠌ᠳᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠣᠢ᠌ᠯᠠᠭ᠋ᠠᠨ ᠠᠷᠭ᠋ᠠᠴᠠᠭ᠋ᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠠᠬᠢᠭᠤᠯᠪᠠ᠃
ᠭᠤᠷᠪᠠ᠎ᠳᠤ ᠨᠡᠢ᠌ᠲᠡᠯᠢᠭ ᠵᠢᠱ᠌ᠢᠶ᠎ᠡ ᠵᠢ ᠭᠦᠨᠵᠡᠭᠡᠢ ᠠᠭᠤᠳᠠᠯᠵᠤ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠡᠯ᠎ᠡ ᠠᠶ᠋ᠢᠮᠠᠭ ᠬᠣᠲᠠ ᠵᠢ ᠵᠣᠬᠢᠶᠠᠨ ᠪᠠᠢ᠌ᠭᠤᠯᠤᠨ ᠳᠣᠣᠷ᠎ᠠ ᠨᠡᠭᠦᠷᠡᠰᠦᠲᠥ᠋ᠷᠥᠭᠴᠢᠲᠦ ᠬᠣᠰᠢᠭᠤ ᠰᠢᠶᠠᠨ᠂ ᠳᠣᠣᠷ᠎ᠠ ᠨᠡᠭᠦᠷᠡᠰᠦᠲᠥ᠋ᠷᠥᠭᠴᠢᠲᠦ ᠨᠡᠢ᠌ᠭᠡᠮ ᠲᠣᠭᠣᠷᠢᠭ᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠢᠯᠠᠰ ᠴᠡᠭ᠎ᠢ ᠢᠳᠡᠪᠬᠢᠲᠡᠢ᠎ᠪᠠᠷ ᠠᠭᠤᠳᠠᠯᠵᠤ᠂ ᠤᠬᠠᠭᠤᠯᠭ᠎ᠠ ᠵᠢᠨ ᠭᠠᠷᠠᠭ᠎ᠤᠨ ᠬᠤᠭᠤᠴᠠᠭ᠋ᠠᠨ᠎ᠳᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠢᠷᠭᠢᠶ᠎ᠡ ᠵᠢᠨ ᠲᠠᠪᠴᠠᠩ ᠳᠡᠭᠡᠷ᠎ᠡ ᠲᠥᠯᠥᠪᠯᠡᠭᠡ᠎ᠲᠠᠢ ᠠᠯᠬᠤᠮ ᠳᠠᠷᠠᠭ᠎ᠠ᠎ᠲᠠᠢ᠎ᠪᠠᠷ ᠤᠬᠠᠭᠤᠯᠤᠨ ᠮᠡᠳᠡᠭᠡᠯᠡᠵᠦ᠂ ᠳᠣᠣᠷ᠎ᠠ ᠨᠡᠭᠦᠷᠡᠰᠦᠲᠥ᠋ᠷᠥᠭᠴᠢᠲᠦ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠪᠦᠲᠦᠮᠵᠢᠲᠡᠢ ᠪᠠᠳᠠᠷᠠᠭᠤᠯᠪᠠ᠃
ᠳᠥᠷᠪᠡ᠎ᠳᠤ ᠡᠯ᠎ᠡ ᠲᠠᠯ᠎ᠠ ᠵᠢᠨ᠎ᠬᠢᠨ᠎ᠢ ᠲᠠᠢ᠍ᠢ᠍ᠴᠢᠯᠠᠨ ᠣᠷᠣᠯᠴᠠᠭᠤᠯᠵᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠰᠢᠨ᠎ᠡ ᠬᠡᠪ ᠰᠤᠷᠲᠠᠯ᠎ᠢ ᠪᠤᠢ ᠪᠣᠯᠭ᠋ᠠᠬᠤ ᠵᠢ ᠠᠬᠢᠭᠤᠯᠪᠠ᠃ ᠴᠠᠬᠢᠮ ᠰᠣᠨᠢᠨ ᠪᠠ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠵᠢᠨ ᠮᠠᠲ᠋ᠧᠷᠢᠶᠠᠯ ᠵᠣᠬᠢᠶᠠᠵᠤ ᠡᠯ᠎ᠡ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠲᠢᠩᠬᠢᠮ ᠲᠣᠪᠴᠢᠶ᠎ᠠ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠲᠠᠷᠬᠠᠭ᠋ᠠᠵᠤ᠂ ᠪᠠᠢ᠌ᠭᠤᠯᠭ᠎ᠠ ᠪᠠ ᠠᠵᠢᠯ ᠦᠢ᠍ᠯᠡᠰ᠎ᠤᠨ ᠨᠢᠭᠡᠴᠢ᠂ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠠᠵᠢᠯᠯᠠᠭᠴᠢ ᠵᠢᠨ ᠡᠩᠨᠡᠭᠡ ᠵᠡᠷᠭᠡ ᠵᠢ ᠲᠠᠢ᠍ᠢ᠍ᠴᠢᠯᠠᠨ ᠥᠷᠭᠡᠨ ᠵᠶ᠋ᠡᠷ ᠤᠬᠠᠭᠤᠯᠵᠤ᠂ ᠡᠯ᠎ᠡ ᠲᠠᠯ᠎ᠠ ᠵᠢᠨ ᠬᠦᠴᠦᠨ᠎ᠲᠠᠢ ᠬᠣᠯᠪᠤᠭ᠋ᠠᠯᠠᠨ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢ ᠥᠷᠨᠢᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠨᠡᠢ᠌ᠭᠡᠮ᠎ᠤᠨ ᠬᠡᠪ ᠰᠤᠷᠲᠠᠯ᠎ᠢ ᠪᠤᠢ ᠪᠣᠯᠭ᠋ᠠᠬᠤ ᠵᠢ ᠬᠠᠮᠲᠤ᠎ᠪᠠᠷ ᠠᠬᠢᠭᠤᠯᠪᠠ᠃