ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ 17 ᠰᠠᠯᠠᠭ᠎ᠠ ᠮᠥᠴᠢᠷ᠎ᠤᠨ 《ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠪᠠᠢ᠌ᠯᠳᠤᠬᠤ ᠪᠣᠳᠣᠯᠭ᠎ᠠ 2035》 ᠵᠢ ᠦᠨᠡᠨ ᠬᠦ᠌ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢᠨ ᠲᠥᠰᠥᠯ᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠦᠨᠡᠨᠬᠦ ᠰᠠᠶ᠋ᠢᠲᠤᠷ ᠬᠢᠵᠦ᠂ ᠣᠢ᠌ᠷ᠎ᠠ ᠵᠢᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠴᠠᠭ ᠠᠭᠤᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠤᠷᠢᠳᠴᠢᠯᠠᠨ ᠮᠡᠳᠡᠭᠡᠯᠡᠬᠦ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠲᠥᠪ᠎ᠲᠠᠢ ᠶᠠᠷᠢᠯᠴᠠᠬᠤ ᠬᠤᠷᠠᠯ ᠬᠢᠪᠡ᠃
ᠶᠠᠷᠢᠯᠴᠠᠬᠤ ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢᠨ ᠲᠥᠰᠥᠯ᠎ᠢ ᠨᠠᠢ᠌ᠷᠠᠭᠤᠯᠤᠨ ᠵᠣᠬᠢᠶᠠᠬᠤ ᠮᠠᠨ᠎ᠤ ᠣᠷᠣᠨ᠎ᠤ ᠣᠳᠣᠬᠠᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠵᠢᠭᠯᠠᠨ ᠬᠡᠮᠵᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠶ᠋ᠢᠳᠠᠯ᠎ᠢ ᠠᠩᠬ᠎ᠠ ᠠᠯᠬᠤᠮ ᠣᠢ᠌ᠯᠠᠭ᠋ᠠᠵᠤ᠂ ᠬᠣᠶᠠᠷ ᠲᠠᠯ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠴᠠᠭ ᠠᠭᠤᠷ᠎ᠤᠨ ᠦᠢ᠍ᠯᠡᠴᠢᠯᠡᠭᠡ ᠵᠢ ᠬᠡᠷᠬᠢᠨ ᠰᠠᠶ᠋ᠢᠲᠤᠷ ᠬᠢᠬᠦ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠡᠷᠡᠭᠯᠡᠬᠦ ᠵᠢ ᠴᠢᠩᠭ᠋ᠠᠳᠬᠠᠬᠤ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠲᠣᠭᠲᠠᠴᠠ ᠵᠢ ᠪᠠᠢ᠌ᠭᠤᠯᠬᠤ᠂ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠬᠣᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠎ᠠ ᠪᠣᠯᠣᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠴᠢᠨᠠᠭᠰᠢᠳᠠ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠨᠥᠯᠥᠭᠡ ᠪᠣᠯᠣᠨ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠴᠢᠳᠠᠪᠤᠷᠢ ᠵᠢ ᠳᠡᠭᠡᠭᠰᠢᠯᠡᠭᠦᠯᠬᠦ᠂ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠵᠢ ᠤᠬᠠᠭᠤᠯᠤᠨ ᠲᠤᠭᠤᠰᠢᠯᠠᠭᠤᠯᠬᠤ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠰᠣᠯᠢᠯᠴᠠᠭ᠎ᠠ ᠬᠠᠮᠵᠢᠯᠴᠠᠭ᠎ᠠ᠎ᠪᠠᠨ ᠴᠢᠨᠠᠭᠰᠢᠳᠠ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠢᠳᠡᠪᠬᠢᠲᠡᠢ ᠠᠬᠢᠴᠠ᠎ᠲᠠᠢ ᠪᠣᠯᠬᠤ ᠵᠢ ᠬᠠᠮᠲᠤ᠎ᠪᠠᠷ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃