ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ
ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠬᠢᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2024-01-08

      ᠣᠷᠣᠨ ᠨᠤᠲᠤᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠢ᠌ᠰᠢ ᠬᠤᠪᠢᠷᠠᠭᠤᠯᠬᠤ ᠴᠢᠳᠠᠪᠤᠷᠢ ᠵᠢ ᠦᠨᠡᠨᠬᠦ ᠳᠡᠭᠡᠭᠰᠢᠯᠡᠭᠦᠯᠬᠦ ᠵᠢᠨ ᠲᠥᠯᠥᠭᠡ᠂ 2023 ᠣᠨ᠎ᠤ 12 ᠰᠠᠷ᠎ᠠ ᠵᠢᠨ 19 ᠎ᠤ ᠡᠳᠦᠷ᠎ᠠᠴᠠ 20᠎ᠤ ᠡᠳᠦᠷ ᠪᠣᠯᠲᠠᠯ᠎ᠠ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠠᠵᠢᠯᠲᠠᠨ ᠲᠣᠮᠢᠯᠠᠨ ᠪᠤᠯᠪᠠᠰᠤᠷᠠᠯ᠎ᠳᠤ ᠣᠷᠣᠯᠴᠠᠭᠤᠯᠪᠠ᠃

      ᠪᠣᠯᠪᠠᠰᠤᠷᠠᠯ᠎ᠤᠨ ᠠᠩᠭᠢ ᠵᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠨᠧᠷᠭᠢ ᠵᠢᠨ ᠰᠤᠳᠤᠯᠭ᠋ᠠᠨ᠎ᠤ ᠭᠠᠵᠠᠷ᠂ ᠤᠯᠤᠰ᠎ᠤᠨ ᠠᠭᠤᠷ ᠠᠮᠢᠰᠬᠤᠯ᠎ᠤᠨ ᠪᠠᠢ᠌ᠯᠳᠤᠬᠤ ᠪᠣᠳᠣᠯᠭ᠎ᠠ ᠵᠢᠨ ᠲᠥᠪ᠂ ᠴᠢᠩᠬᠤᠸᠠ ᠶᠡᠬᠡ ᠰᠤᠷᠭ᠋ᠠᠭᠤᠯᠢ᠂ ᠯᠥᠸᠧ ᠵᠢᠢ ᠱᠠᠨ ᠰᠤᠳᠤᠯᠭ᠋ᠠᠨ᠎ᠤ ᠭᠠᠵᠠᠷ ᠵᠡᠷᠭᠡ ᠭᠠᠵᠠᠷ᠎ᠤᠨ ᠲᠤᠰᠬᠠᠢ ᠮᠡᠷᠭᠡᠵᠢᠯᠲᠡᠨ᠎ᠠᠴᠠ  ᠬᠢᠴᠢᠶᠡᠯᠯᠡᠪᠡ᠃ ᠤᠯᠠᠨ  ᠬᠠᠷᠠᠯᠲᠠ ᠳᠣᠣᠷᠠᠬᠢ ᠳᠤᠮᠳᠠᠳᠤ ᠤᠯᠤᠰ ᠪᠣᠯᠣᠨ ᠪᠦᠬᠦ ᠪᠥᠮᠪᠥᠷᠴᠡᠭ᠎ᠤᠨ ᠡᠨᠧᠷᠭᠢ ᠪᠣᠯᠣᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠬᠤ ᠠᠷᠭ᠎ᠠ ᠵᠠᠮ᠎ᠤᠨ ᠲᠣᠭᠣᠷᠢᠨ᠎ᠳᠤ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠴᠢ ᠳᠠᠷᠠᠭ᠎ᠠ ᠠᠯᠬᠤᠮ᠎ᠤᠨ ᠠᠵᠢᠯ᠎ᠤᠨ ᠪᠣᠳᠣᠯᠬᠢᠯᠠᠯ᠂ ᠡᠨᠧᠷᠭᠢ ᠵᠢᠨ ᠬᠤᠷᠤᠭᠳᠤᠭᠤᠯᠤᠯ᠎ᠤᠨ ᠬᠣᠣᠰ ᠡᠵᠡᠮᠳᠡᠯ᠎ᠠᠴᠠ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠣᠣᠰ ᠡᠵᠡᠮᠳᠡᠯ ᠳᠠᠰᠢ ᠬᠤᠪᠢᠷᠠᠭᠤᠯᠬᠤ ᠠᠵᠢᠯ᠎ᠤᠨ ᠰᠡᠳᠬᠢᠴᠡ᠂ ᠠᠭᠤᠷ ᠠᠮᠢᠰᠬᠤᠯ᠎ᠤᠨ ᠳᠤᠯᠠᠭ᠋ᠠᠷᠠᠯ ᠬᠢᠭᠡᠳ ᠤᠨᠴᠠᠭ᠋ᠠᠢ ᠴᠠᠭ ᠠᠭᠤᠷ᠎ᠤᠨ ᠬᠣᠭᠤᠷᠤᠨᠳᠤᠬᠢ ᠬᠠᠷᠢᠯᠴᠠᠨ ᠨᠥᠯᠥᠭᠡᠯᠡᠬᠦ ᠵᠢᠴᠢ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠰᠢᠢ᠍ᠳᠪᠦᠷᠢᠲᠦ ᠪᠣᠳᠣᠯᠭ᠎ᠠ ᠵᠢᠨ ᠠᠷᠭ᠎ᠠ ᠵᠠᠮ᠎ᠤᠨ ᠰᠣᠩᠭᠣᠯᠲᠠ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠥᠷᠥ ᠵᠢᠨ ᠪᠣᠳᠣᠯᠭ᠎ᠠ ᠵᠢᠨ ᠠᠬᠢᠴᠠ ᠵᠢᠴᠢ ᠬᠠᠮᠢᠶ᠎ᠠ ᠪᠦᠬᠦᠢ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠣᠢ ᠰᠢᠭᠤᠢ ᠵᠢᠨ ᠦᠢ᠍ᠯᠡᠰ᠎ᠤᠨ ᠨᠠᠭᠦᠷᠡᠰᠦᠲᠦ᠋ᠷᠦᠭᠴᠢ ᠬᠤᠷᠠᠭᠤᠯᠬᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ᠂ ᠥᠷᠲᠡᠭ᠎ᠢ ᠪᠡᠶᠡᠯᠡᠭᠦᠯᠬᠦ ᠠᠷᠭ᠎ᠠ ᠵᠠᠮ ᠵᠢᠴᠢ ᠲᠤᠷᠰᠢᠯᠭ᠎ᠠ ᠠᠷᠭ᠎ᠠ ᠬᠢᠳᠡᠯ ᠵᠡᠷᠭᠡ᠎ᠳᠤ ᠲᠤᠰᠬᠠᠢ ᠰᠡᠳᠦᠪᠲᠦ ᠪᠤᠯᠪᠠᠰᠤᠷᠠᠯ ᠬᠢᠪᠡ᠃

      ᠬᠤᠷᠠᠯ᠎ᠤᠨ ᠳᠠᠷᠠᠭ᠎ᠠ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠲᠣᠰ ᠤᠳᠠᠭ᠋ᠠᠨ᠎ᠤ ᠪᠣᠯᠪᠠᠰᠤᠷᠠᠯ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠵᠢᠯ ᠵᠶ᠋ᠠᠨ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠰᠠᠨᠠᠯ ᠵᠶ᠋ᠠᠨ ᠰᠣᠯᠢᠯᠴᠠᠵᠤ ᠬᠠᠷᠢᠯᠴᠠᠨ ᠲᠣᠯᠢᠯᠠᠵᠠᠢ᠃ ᠤᠯᠠᠨ ᠵᠶ᠋ᠠᠷ ᠵᠶ᠋ᠠᠨ ᠰᠤᠷᠤᠯᠴᠠᠯᠭ᠎ᠠ᠎ᠪᠠᠷ ᠣᠶᠤᠨ ᠤᠬᠠᠭ᠋ᠠᠨ ᠵᠶ᠋ᠠᠨ ᠨᠡᠮᠡᠭᠳᠡᠭᠦᠯᠵᠦ᠂ ᠰᠤᠷᠤᠯᠴᠠᠯᠭ᠎ᠠ᠎ᠪᠠᠷ ᠠᠵᠢᠯᠯᠠᠭ᠎ᠠ᠎ᠪᠠᠨ ᠠᠬᠢᠭᠤᠯᠵᠤ᠂ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠲᠠᠯ᠎ᠠ᠎ᠪᠠᠷ ᠰᠢᠨ᠎ᠡ ᠣᠯᠣᠯᠲᠠ ᠪᠠ ᠳᠡᠭᠡᠭᠰᠢᠯᠡᠯᠲᠡ᠎ᠲᠠᠢ ᠪᠣᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠨᠠᠭᠦᠷᠡᠰᠦᠲᠦ᠋ᠷᠦᠭᠴᠢ ᠵᠢ ᠣᠷᠬᠢᠯ᠎ᠳᠤ ᠬᠦᠷᠭᠡᠬᠦ ᠬᠡᠮᠵᠢᠭᠳᠡᠯ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠵᠡᠷᠭᠡ ᠬᠠᠷᠠᠯᠲᠠ ᠵᠢ ᠪᠡᠶᠡᠯᠡᠭᠦᠯᠬᠦ᠎ᠳᠤ ᠪᠠᠲᠤ ᠪᠡᠬᠢ ᠠᠵᠢᠯ᠎ᠤᠨ ᠰᠠᠭᠤᠷᠢ ᠵᠢ ᠲᠠᠯᠪᠢᠵᠤ ᠥᠭᠴᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠮᠡᠷᠭᠡᠵᠢᠯ᠎ᠢ ᠡᠯᠰᠡᠨ ᠳᠡᠯᠭᠡᠷᠡᠭᠦᠯᠬᠦ ᠬᠡᠷᠡᠭᠵᠢᠭᠦᠯᠬᠦ ᠲᠥᠰᠥᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
《ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠠᠵᠤ ᠦᠢ᠍ᠯᠡᠰ᠎ᠤᠨ ᠵᠢᠯᠤᠭᠣᠳᠬᠤ ᠭᠠᠷᠴᠠᠭ (2024 ᠣᠨ᠎ᠤ ᠬᠡᠪᠯᠡᠯ)》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠤ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠦᠨᠡᠯᠡᠬᠦ ᠵᠦᠭᠯᠡᠭᠦᠷ᠎ᠤᠨ ᠰᠤᠳᠤᠯᠭ᠋ᠠᠨ᠎ᠤ ᠲᠥᠷᠥᠯ ᠵᠦᠢ᠍ᠯ᠎ᠢ ᠠᠬᠢᠭᠤᠯᠬᠤ ᠬᠤᠷᠠᠯ ᠬᠢᠪᠡ
 
             蒙ICP备05000248号