3 ᠰᠠᠷ᠎ᠠ ᠵᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠡᠭᠡᠵᠢᠩ᠎ᠳᠤ 《ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠪᠦᠳᠦᠭᠦᠪᠴᠢ ᠨᠠᠢ᠌ᠳᠠ ᠵᠢᠨ ᠭᠡᠷ᠎ᠡ》 (ᠳᠣᠷᠣᠭᠰᠢ 《ᠨᠠᠢ᠌ᠳᠠ ᠵᠢᠨ ᠭᠡᠷ᠎ᠡ》 ᠭᠡᠵᠦ ᠲᠣᠪᠴᠢᠯᠠᠨ᠎ᠠ) ᠵᠢᠨ ᠨᠠᠷᠢᠨ ᠪᠢᠴᠢᠭ᠎ᠤᠨ ᠭᠠᠵᠠᠷ᠎ᠤᠨ ᠭᠦᠢ᠍ᠴᠡᠳᠭᠡᠭᠴᠢ ᠨᠠᠷᠢᠨ ᠪᠢᠴᠢᠭᠡᠴᠢ ᠰᠢᠮᠤᠨ · ᠰᠲ᠋ᠢᠯ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ 《ᠷᠢᠦ᠋ ᠳ᠋ᠢ ᠿᠥ᠋ᠨ᠋ᠸᠢᠢ᠍ᠷᠦ᠋ ᠵᠢᠨ ᠭᠤᠷᠪᠠᠨ ᠨᠠᠢ᠌ᠳᠠ ᠵᠢᠨ ᠭᠡᠷ᠎ᠡ》 (《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠠᠢ᠌ᠳᠠ ᠵᠢᠨ ᠭᠡᠷ᠎ᠡ》 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠨᠠᠢ᠌ᠳᠠ ᠵᠢᠨ ᠭᠡᠷ᠎ᠡ》) ᠵᠢ ᠵᠣᠬᠢᠴᠠᠭᠤᠯᠤᠨ ᠬᠣᠯᠪᠣᠯᠳᠤᠭᠤᠯᠬᠤ ᠵᠢ ᠴᠢᠩᠭ᠋ᠠᠳᠬᠠᠬᠤ᠂ 《ᠨᠠᠢ᠌ᠳᠠ ᠵᠢᠨ ᠭᠡᠷ᠎ᠡ》 ᠵᠢᠨ ᠬᠣᠷᠢᠨ ᠨᠠᠢ᠍ᠮᠠᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP28) ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠭᠦᠨᠵᠡᠭᠡᠢ ᠰᠠᠨᠠᠯ ᠵᠶ᠋ᠡᠨ ᠰᠣᠯᠢᠯᠴᠠᠪᠠ᠃
ᠬᠤᠸᠠᠩ ᠷᠦᠨ ᠴᠢᠦ ᠳᠤᠮᠳᠠᠳᠤ ᠵᠢᠨ ᠲᠠᠯ᠎ᠠ ᠵᠢᠨ᠎ᠬᠢᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠣᠢ᠌ᠯᠠᠭ᠋ᠠᠭᠳᠠᠬᠤᠨ᠂ ᠠᠵᠢᠯᠯᠠᠭ᠎ᠠ ᠵᠢᠴᠢ ᠦᠷ᠎ᠡ ᠪᠦᠲᠦᠮᠵᠢ ᠵᠢ ᠲᠠᠨᠢᠯᠴᠠᠭᠤᠯᠪᠠ᠃ ᠲᠡᠷᠡ᠂ ᠳᠤᠮᠳᠠᠳᠤ ᠵᠢᠨ ᠲᠠᠯ᠎ᠠ ᠵᠢᠨ᠎ᠬᠢᠨ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢᠨ ᠵᠠᠮ ᠵᠶ᠋ᠠᠷ ᠡᠷᠡᠰ ᠵᠠᠮᠨᠠᠵᠤ᠂ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠪᠠᠶ᠋ᠢᠳᠠᠯ᠂ ᠬᠥᠭᠵᠢᠯᠲᠡ ᠵᠢᠨ ᠱᠠᠲᠤ ᠦᠶ᠎ᠡ ᠪᠣᠯᠣᠨ ᠴᠢᠳᠠᠪᠤᠷᠢ᠎ᠲᠠᠢ ᠵᠣᠬᠢᠴᠠᠬᠤ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ᠎ᠡ ᠭᠡᠵᠦ ᠢᠯᠡᠳᠬᠡᠪᠡ᠃ ᠲᠡᠷᠡ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠨᠠᠢ᠌ᠳᠠ ᠵᠢᠨ ᠭᠡᠷ᠎ᠡ ᠵᠢᠨ ᠬᠣᠭᠤᠷᠤᠨᠳᠤᠬᠢ ᠵᠣᠬᠢᠴᠠᠭᠤᠯᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ᠎ᠨᠢ ᠡᠯ᠎ᠡ ᠲᠠᠯ᠎ᠠ ᠵᠢᠨ ᠬᠦᠴᠦᠨ᠎ᠢ ᠲᠥᠪᠯᠡᠷᠡᠭᠦᠯᠦᠨ ᠪᠦᠬᠦ ᠪᠥᠮᠪᠥᠷᠴᠡᠭ᠎ᠤᠨ ᠠᠮᠢ ᠠᠬᠤᠢ ᠣᠷᠴᠢᠨ ᠲᠣᠭᠣᠷᠢᠨ᠎ᠤ ᠥᠷᠢᠰᠥᠯᠳᠦᠭᠡᠨ᠎ᠢ ᠬᠠᠮᠵᠢᠯᠴᠠᠨ ᠠᠷᠭ᠋ᠠᠴᠠᠭ᠋ᠠᠬᠤ᠎ᠳᠤ ᠲᠤᠰᠠᠲᠠᠢ᠂ 《ᠷᠢᠦ᠋ ᠳ᠋ᠢ ᠿᠥ᠋ᠨ᠋ᠸᠢᠢ᠍ᠷᠦ᠋ ᠵᠢᠨ ᠭᠤᠷᠪᠠᠨ ᠨᠠᠢ᠌ᠳᠠ ᠵᠢᠨ ᠭᠡᠷ᠎ᠡ》 ᠵᠢᠨ ᠬᠠᠮᠵᠢᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠪᠦᠬᠦ ᠪᠥᠮᠪᠥᠷᠴᠡᠭ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠬᠠᠮᠲᠤ᠎ᠪᠠᠷ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠲᠡᠷᠡ᠂ ᠳᠤᠮᠳᠠᠳᠤ ᠵᠢᠨ ᠲᠠᠯ᠎ᠠ ᠵᠢᠨ᠎ᠬᠢᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠨᠠᠷᠢᠨ ᠪᠢᠴᠢᠭ᠎ᠤᠨ ᠭᠠᠵᠠᠷ᠎ᠲᠠᠢ ᠨᠢᠭᠲᠠ ᠬᠠᠮᠲᠤᠷᠠᠯᠴᠠᠵᠤ᠂ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ COP28 ᠵᠢᠨ ᠲᠡᠩᠴᠡᠭᠦᠷᠢᠲᠡᠢ ᠢᠳᠡᠪᠬᠢᠲᠡᠢ ᠦᠷ᠎ᠡ ᠪᠦᠲᠦᠭᠡᠯ ᠣᠯᠬᠤ ᠵᠢ ᠠᠬᠢᠭᠤᠯᠵᠤ᠂ ᠠᠭᠤᠷ ᠠᠮᠢᠰᠬᠤᠯ᠎ᠤᠨ ᠤᠯᠠᠨ ᠲᠠᠯ᠎ᠠ ᠵᠢᠨ ᠠᠬᠢᠴᠠ ᠵᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃
ᠰᠢᠮᠦᠢ᠌ᠨ · ᠰᠲ᠋ᠢᠯ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP15)᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠳᠤᠮᠳᠠᠳᠤ ᠤᠯᠤᠰ ᠲᠡᠦᠬᠡᠲᠦ ᠴᠢᠨᠠᠷᠲᠠᠢ ᠦᠷ᠎ᠡ ᠪᠦᠲᠦᠭᠡᠯ ᠣᠯᠬᠤ ᠵᠢ ᠤᠳᠤᠷᠢᠳᠤᠨ ᠠᠬᠢᠭᠤᠯᠤᠭᠰᠠᠨ᠎ᠳᠤ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠲᠠᠯ᠎ᠠ᠎ᠪᠠᠷ ᠦᠵᠡᠭᠦᠯᠦᠭᠰᠡᠨ ᠬᠤᠪᠢ ᠨᠡᠮᠡᠷᠢ ᠵᠢ ᠮᠠᠭᠲᠠᠨ ᠰᠠᠢ᠌ᠰᠢᠶᠠᠵᠤ᠂ ᠳᠤᠮᠳᠠᠳᠤ ᠵᠢᠨ ᠲᠠᠯ᠎ᠠ᠎ᠲᠠᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠬᠦ ᠵᠢ ᠬᠦᠰᠡᠵᠦ ᠪᠠᠢ᠌ᠨ᠎ᠠ ᠭᠡᠪᠡ᠃