ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠤᠯᠠᠨ ᠤᠯᠤᠰ᠎ᠤᠨ ᠬᠠᠮᠲᠤᠷᠠᠯᠴᠠᠭ᠎ᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ᠎ᠬᠢᠨ ᠳᠥᠷᠪᠡᠳᠦᠭᠡᠷ ᠤᠳᠠᠭ᠎ᠠ ᠵᠢᠨ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠬᠦᠨ ᠤᠯᠤᠰ᠎ᠤᠨ ᠣᠷᠴᠢᠨ ᠲᠣᠭᠣᠷᠢᠨ᠎ᠤ ᠰᠠᠢ᠌ᠳ ᠨᠠᠷ᠎ᠤᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-04-25

      2023 ᠣᠨ᠎ᠤ 4 ᠰᠠᠷ᠎ᠠ ᠵᠢᠨ 18᠎ᠤ ᠡᠳᠦᠷ᠂ ᠳᠥᠷᠪᠡᠳᠦᠭᠡᠷ ᠤᠳᠠᠭ᠎ᠠ ᠵᠢᠨ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ (《ᠱᠠᠩᠬᠠᠢ ᠬᠠᠮᠲᠤᠷᠠᠯᠴᠠᠭ᠎ᠠ ᠵᠢᠨ ᠵᠣᠬᠢᠶᠠᠨ ᠪᠠᠢ᠌ᠭᠤᠯᠤᠯᠲᠠ》 ᠭᠡᠵᠦ ᠳᠥᠭᠥᠮᠴᠢᠯᠡᠨ᠎ᠡ) ᠵᠢᠨ ᠪᠦᠷᠢᠯᠳᠦᠬᠦᠨ ᠤᠯᠤᠰ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ ᠰᠦᠯᠵᠢᠶᠡᠨ ᠳᠡᠭᠡᠷ᠎ᠡ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠵᠤᠤ ᠶᠢᠩ ᠮᠢᠨ ᠪᠦᠯᠬᠦᠮ ᠳᠠᠭ᠋ᠠᠭᠤᠯᠤᠨ ᠬᠤᠷᠠᠯ᠎ᠳᠤ ᠣᠷᠣᠯᠴᠠᠪᠠ᠃

      ᠡᠯ᠎ᠡ ᠲᠠᠯ᠎ᠠ ᠵᠢᠨ᠎ᠬᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠬᠢᠴᠠ ᠪᠣᠯᠣᠨ ᠦᠷ᠎ᠡ ᠪᠦᠲᠦᠮᠵᠢ ᠵᠢ ᠬᠠᠮᠲᠤ᠎ᠪᠠᠷ ᠡᠳ᠋ᠯᠡᠵᠦ᠂ 《2022 — 2024 ᠣᠨ᠎ᠳᠤ 〈ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠰᠡᠳᠬᠢᠮᠵᠢ〉᠎ᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢᠨ ᠲᠥᠯᠥᠪᠯᠡᠭᠡ》 ᠵᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠰᠣᠯᠢᠯᠴᠠᠭᠰᠠᠨ ᠪᠥᠭᠡᠳ 《ᠳᠥᠷᠪᠡᠳᠦᠭᠡᠷ ᠤᠳᠠᠭ᠎ᠠ ᠵᠢᠨ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ᠎ᠤᠨ ᠬᠠᠮᠲᠤᠷᠠᠭᠰᠠᠨ ᠠᠯᠪᠠᠨ ᠮᠡᠳᠡᠭᠡ》 ᠵᠢ ᠬᠢᠨᠠᠨ ᠪᠠᠲᠤᠯᠠᠪᠠ᠃

      ᠳᠤᠮᠳᠠᠳᠤ ᠵᠢᠨ ᠲᠠᠯ᠎ᠠ ᠵᠢᠨ᠎ᠬᠢᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠥᠩᠭᠡᠷᠡᠭᠰᠡᠨ ᠠᠷᠪᠠᠨ ᠵᠢᠯ᠎ᠳᠤ᠂ ᠳᠤᠮᠳᠠᠳᠤ ᠤᠯᠤᠰ᠎ᠤᠨ ᠠᠵᠤ ᠠᠬᠤᠢ ᠳᠡᠭᠡᠳᠦ ᠬᠤᠷᠳᠤᠴᠠ᠎ᠪᠠᠷ ᠨᠡᠮᠡᠭᠳᠡᠬᠦ ᠵᠢᠨ ᠵᠡᠷᠭᠡ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠵᠤ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠦᠴᠦᠯᠡᠴᠡ ᠶᠡᠬᠡ᠎ᠪᠠᠷ ᠪᠠᠭᠤᠷᠠᠪᠠ᠃ ᠡᠭᠦᠨ᠎ᠤ ᠬᠠᠮᠲᠤ᠂ ᠳᠤᠮᠳᠠᠳᠤ ᠵᠢᠨ ᠲᠠᠯ᠎ᠠ ᠵᠢᠨ᠎ᠬᠢᠨ ᠤᠯᠠᠨ ᠤᠯᠤᠰ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠪᠦᠬᠦ ᠲᠠᠯ᠎ᠠ᠎ᠪᠠᠷ ᠣᠷᠣᠯᠴᠠᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠡᠯᠴᠡᠭᠡ ᠵᠢᠨ ᠠᠬᠢᠴᠠ᠎ᠳᠤ ᠢᠳᠡᠪᠬᠢᠲᠡᠢ ᠣᠷᠣᠯᠴᠠᠵᠤ᠂ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠢ ᠠᠮᠵᠢᠯᠲᠠ᠎ᠲᠠᠢ ᠡᠷᠬᠢᠯᠡᠵᠦ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠪᠠ᠃ ᠳᠤᠮᠳᠠᠳᠤ ᠤᠯᠤᠰ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠎ᠠ 《ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠲᠤᠬᠠᠢ ᠢᠯᠡᠷᠬᠡᠢ᠌ᠯᠡᠯᠲᠡ》 ᠵᠡᠷᠭᠡ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠢ ᠬᠠᠮᠲᠤ᠎ᠪᠠᠷ ᠪᠠᠢ᠌ᠭᠤᠯᠬᠤ ᠵᠢ ᠠᠬᠢᠭᠤᠯᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠵᠢ ᠡᠭᠦᠳᠬᠦ ᠰᠠᠭᠤᠷᠢᠨ᠎ᠢ ᠰᠦᠪᠡᠭᠴᠢᠯᠡᠨ ᠪᠠᠢ᠌ᠭᠤᠯᠵᠤ᠂ ᠤᠯᠠᠨ ᠬᠣᠶᠠᠷ ᠲᠠᠯ᠎ᠠ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠠᠨ ᠨᠡᠮᠡᠷᠢᠯᠡᠪᠡ ᠭᠡᠵᠦ ᠵᠢᠭ᠋ᠠᠵᠤ ᠭᠠᠷᠭ᠋ᠠᠪᠠ᠃

      ᠳᠤᠮᠳᠠᠳᠤ ᠵᠢᠨ ᠲᠠᠯ᠎ᠠ ᠵᠢᠨ᠎ᠬᠢᠨ᠂ ᠣᠳᠣᠬᠠᠨ᠎ᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠤᠯᠤᠰ᠎ᠤᠳ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢ᠌ᠷᠡᠭᠦᠯᠵᠦ᠂ ᠭᠠᠷ ᠬᠣᠯᠪᠣᠨ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠥᠷᠢᠰᠥᠯᠳᠦᠭᠡᠨ᠎ᠢ ᠠᠷᠭ᠋ᠠᠴᠠᠭ᠋ᠠᠬᠤ ᠬᠡᠷᠡᠭᠳᠡᠢ᠂ ᠨᠢᠭᠡ᠎ᠳᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ ᠵᠢᠨ ᠰᠠᠢ᠍ᠢ᠍ᠨ ᠠᠷᠭ᠎ᠠ ᠪᠣᠳᠣᠯᠭ᠎ᠠ ᠵᠢ ᠬᠠᠮᠲᠤ᠎ᠪᠠᠷ ᠵᠥᠪᠳᠡᠯᠴᠡᠬᠦ ᠭᠡᠷᠡᠭᠳᠡᠢ; ᠬᠣᠶᠠᠷ᠎ᠲᠤ᠂ ᠡᠯ᠎ᠡ ᠲᠡᠰ ᠳᠠᠪᠬᠤᠷᠭ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠨᠢᠭᠡᠨᠲᠡ ᠣᠯᠣᠭᠰᠠᠨ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ; ᠭᠤᠷᠪᠠ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯᠴᠠᠭ᠋ᠠᠨ᠎ᠤ ᠨᠡᠮᠡᠭᠳᠡᠯ᠎ᠤᠨ ᠴᠡᠭ᠎ᠢ ᠡᠭᠦᠳᠬᠦ ᠭᠡᠷᠡᠭᠳᠡᠢ ᠭᠡᠵᠦ ᠴᠢᠬᠤᠯᠠᠴᠢᠯᠠᠪᠠ᠃

      ᠬᠤᠷᠠᠯ᠎ᠢ 2023 ᠣᠨ᠎ᠤ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ ᠪᠣᠯᠬᠤ ᠡᠨᠡᠳᠬᠡᠭ᠎ᠤᠨ ᠣᠷᠴᠢᠨ ᠲᠣᠭᠣᠷᠢᠨ᠂ ᠤᠢ ᠰᠢᠭᠤᠢ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠪᠦᠫᠸᠩᠳ᠋ᠸ · ᠶᠠᠳᠠᠹ ᠡᠷᠬᠢᠯᠡᠪᠡ᠃ ᠺᠠᠽᠠᠭᠰᠲ᠋ᠠᠨ᠂ ᠺᠢᠷᠬᠢᠽᠰᠲ᠋ᠠᠨ᠂ ᠫᠠᠺᠢᠰᠲ᠋ᠠᠨ᠂ ᠤᠷᠤᠰ᠂ ᠲᠠᠵᠢᠺᠰᠲ᠋ᠠᠨ᠂ ᠦᠽᠪᠸᠺᠰᠲ᠋ᠠᠨ᠎ᠤ ᠠᠮᠢ ᠠᠬᠤᠢ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠰᠠᠯᠠᠭ᠎ᠠ ᠮᠥᠴᠢᠷ᠎ᠤᠨ ᠶᠠᠮᠤᠨ᠎ᠤ ᠲᠡᠰ᠎ᠤᠨ ᠤᠳᠤᠷᠢᠳᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ  ᠪᠦᠳᠦᠭᠦᠪᠴᠢ ᠨᠠᠢ᠌ᠳᠠ ᠵᠢᠨ ᠭᠡᠷ᠎ᠡ》 ᠵᠢᠨ ᠬᠢᠲᠠᠳ ᠬᠡᠯᠡᠨ᠎ᠤ ᠰᠦᠯᠵᠢᠶ᠎ᠡ ᠠᠰᠢᠭᠯᠠᠯᠲᠠ᠎ᠳᠤ ᠣᠷᠣᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠺᠸᠨᠢᠶᠠ ᠵᠢᠨ ᠣᠷᠴᠢᠨ ᠲᠣᠭᠣᠷᠢᠨ᠂ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠤᠢ ᠰᠢᠭᠤᠢ ᠵᠢᠨ ᠶᠠᠮᠤᠨ᠎ᠤ ᠰᠠᠢ᠌ᠳ᠎ᠲᠠᠢ ᠠᠭᠤᠯᠵᠠᠬᠤ ᠵᠢᠨ ᠬᠠᠮᠲᠤ ᠳᠤᠮᠳᠠᠳᠤ ᠵᠢᠨ ᠲᠠᠯ᠎ᠠ ᠵᠢᠨ ᠳᠠᠭ᠋ᠠᠭ᠋ᠠᠴᠢᠯᠠᠨ ᠪᠠᠢ᠌ᠭᠤᠯᠬᠤ ᠳᠦᠷᠦᠯ ᠵᠦᠢ᠍ᠯ᠎ᠢ ᠪᠠᠢ᠌ᠴᠠᠭ᠋ᠠᠨ ᠰᠤᠳᠤᠯᠪᠠ
《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠨᠠᠢ᠌ᠳᠠ ᠵᠢᠨ ᠭᠡᠷ᠎ᠡ ᠵᠢᠨ ᠬᠠᠮᠲᠤᠷᠠᠭᠰᠠᠨ ᠲᠡᠷᠢᠭᠦᠯᠡᠭᠴᠢᠳ᠎ᠤᠨ ᠪᠦᠯᠬᠦᠮ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠷᠠᠽᠢᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠣᠨᠴᠠ ᠡᠯᠴᠢ ᠯᠦᠶᠢᠰ · ᠮᠠᠴᠠᠳᠤ᠋᠎ᠲᠠᠢ ᠠᠭᠤᠯᠵᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠰᠢᠷᠸᠠ᠎ᠲᠠᠢ ᠠᠭᠤᠯᠵᠠᠪᠠ
 
             蒙ICP备05000248号