ᠣᠢ᠌ᠷ᠎ᠠ᠎ᠳᠤ᠂ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠠᠢ᠌ᠳᠠ ᠵᠢᠨ ᠭᠡᠷ᠎ᠡ》 (ᠳᠣᠷᠣᠭᠰᠢ 《ᠨᠠᠢ᠌ᠳᠠ ᠵᠢᠨ ᠭᠡᠷ᠎ᠡ》 ᠭᠡᠵᠦ ᠲᠣᠪᠴᠢᠯᠠᠨ᠎ᠠ) ᠵᠢᠨ ᠬᠢᠲᠠᠳ ᠬᠡᠯᠡᠨ᠎ᠤ ᠰᠦᠯᠵᠢᠶ᠎ᠡ ᠵᠢ ᠠᠰᠢᠭᠯᠠᠯᠲᠠ᠎ᠳᠤ ᠣᠷᠣᠭᠤᠯᠵᠤ᠂ ᠪᠥᠬᠥ ᠳᠡᠯᠡᠬᠡᠢ ᠵᠢᠨ ᠬᠢᠲᠠᠳ ᠬᠡᠯᠡᠨ᠎ᠤ ᠬᠡᠷᠡᠭᠯᠡᠭᠴᠢᠳ᠎ᠲᠤ ᠠᠭᠤᠷ ᠠᠮᠢᠰᠬᠤᠯ᠎ᠤᠨ ᠬᠤᠪᠢᠷᠠᠯᠲᠠ ᠵᠢᠨ ᠮᠡᠳᠡᠭᠡ ᠵᠠᠩᠭᠢ ᠵᠢ ᠣᠯᠬᠤ ᠨᠠᠩ ᠰᠠᠶ᠋ᠢᠨ ᠠᠷᠭ᠎ᠠ ᠵᠠᠮ ᠵᠢᠴᠢ ᠠᠭᠤᠷ ᠠᠮᠢᠰᠬᠤᠯ᠎ᠤᠨ ᠠᠵᠢᠯᠯᠠᠭ᠎ᠠ᠎ᠳᠤ ᠣᠷᠣᠯᠴᠠᠬᠤ ᠲᠠᠪᠴᠠᠩ᠎ᠢ ᠬᠠᠩᠭ᠋ᠠᠭᠰᠠᠨ ᠪᠠᠢ᠌ᠨ᠎ᠠ᠃ 《ᠨᠠᠢ᠌ᠳᠠ ᠵᠢᠨ ᠭᠡᠷ᠎ᠡ》 ᠵᠢᠨ ᠬᠢᠲᠠᠳ ᠬᠡᠯᠡᠨ᠎ᠤ ᠰᠦᠯᠵᠢᠶ᠎ᠡ ᠪᠣᠯ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ 《ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠤᠨ ᠨᠢᠭᠡ ᠮᠥᠨ᠂ ᠪᠠᠰᠠ ᠴᠤ᠌ ᠳᠤᠮᠳᠠᠳᠤ ᠤᠯᠤᠰ᠎ᠤᠨ ᠪᠥᠬᠥ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠭᠰᠠᠨ᠎ᠤ ᠴᠢᠬᠤᠯᠠ ᠢᠯᠡᠷᠡᠯ ᠮᠥᠨ᠃
ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ 《ᠨᠠᠢ᠌ᠳᠠ ᠵᠢᠨ ᠭᠡᠷ᠎ᠡ》 ᠵᠢᠨ ᠬᠢᠲᠠᠳ ᠬᠡᠯᠡᠨ᠎ᠤ ᠰᠦᠯᠵᠢᠶ᠎ᠡ ᠵᠢ ᠠᠰᠢᠭᠯᠠᠯᠲᠠ᠎ᠳᠤ ᠣᠷᠣᠭᠤᠯᠤᠭᠰᠠᠨ᠎ᠳᠤ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠂ ᠲᠡᠷᠡ ᠵᠢᠭ᠋ᠠᠵᠤ ᠭᠠᠷᠭ᠋ᠠᠭᠰᠠᠨ᠎ᠨᠢ᠂ ᠳᠤᠮᠳᠠᠳᠤ ᠤᠯᠤᠰ ᠪᠥᠬᠥ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠬᠢᠴᠠ᠎ᠳᠤ ᠡᠷᠡᠰ ᠭᠤᠶ᠋ᠢᠪᠢᠰᠢ ᠦᠭᠡᠢ᠎ᠪᠠᠷ ᠢᠳᠡᠪᠬᠢᠲᠡᠢ ᠣᠷᠣᠯᠴᠠᠵᠤ᠂ 《ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠠᠵᠢᠯ ᠵᠶ᠋ᠠᠨ ᠥᠷᠨᠢᠭᠦᠯᠬᠦ ᠵᠢ ᠦᠷᠭᠦᠯᠵᠢᠯᠡᠨ ᠳᠡᠮᠵᠢᠭᠰᠡᠭᠡᠷ ᠢᠷᠠᠵᠠᠢ᠃ ᠣᠳᠣᠬᠠᠨ᠎ᠳᠤ᠂ 《ᠫᠠᠷᠢᠰ᠎ᠤᠨ ᠬᠡᠯᠡᠯᠴᠡᠭᠡᠷ》 ᠨᠢᠭᠡᠨᠲᠡ ᠪᠦᠬᠦ ᠲᠠᠯ᠎ᠠ᠎ᠪᠠᠷ ᠬᠡᠷᠡᠭᠵᠢᠭᠦᠯᠬᠦ ᠱᠠᠲᠤᠨ᠎ᠳᠤ ᠣᠷᠣᠵᠤ᠂ ᠡᠯ᠎ᠡ ᠲᠠᠯ᠎ᠠ ᠵᠢᠨ᠎ᠬᠢᠨ ᠪᠣᠳᠠᠲᠠᠢ ᠵᠢ ᠡᠷᠬᠢᠮᠯᠡᠭᠰᠡᠨ ᠠᠭᠤᠷ ᠠᠮᠢᠰᠬᠤᠯ᠎ᠤᠨ ᠠᠵᠢᠯᠯᠠᠭ᠎ᠠ ᠠᠪᠴᠤ᠂ ᠡᠷᠬᠡ ᠲᠡᠭᠰᠢ ᠵᠦᠢ ᠵᠣᠬᠢᠰᠲᠠᠢ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠲᠡᠬᠦ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠬᠠᠮᠲᠤ᠎ᠪᠠᠷ ᠪᠠᠢ᠌ᠭᠤᠯᠪᠠᠯ ᠵᠣᠬᠢᠨ᠎ᠠ ᠭᠡᠵᠦ ᠵᠢᠭ᠋ᠠᠵᠤ ᠭᠠᠷᠭ᠋ᠠᠪᠠ᠃
《ᠨᠠᠢ᠌ᠳᠠ ᠵᠢᠨ ᠭᠡᠷ᠎ᠡ》 ᠵᠢᠨ ᠨᠠᠷᠢᠨ ᠪᠢᠴᠢᠭ᠎ᠤᠨ ᠭᠠᠵᠠᠷ᠎ᠤᠨ ᠭᠦᠢ᠍ᠴᠡᠳᠭᠡᠭᠴᠢ ᠨᠠᠷᠢᠨ ᠪᠢᠴᠢᠭᠡᠴᠢ ᠰᠢᠮᠤᠨ· ᠰᠲ᠋ᠢᠯ᠂ ᠳᠤᠮᠳᠠᠳᠤ ᠤᠯᠤᠰ ᠪᠣᠯ ᠠᠭᠤᠷ ᠠᠮᠢᠰᠬᠤᠯ᠎ᠤᠨ ᠬᠤᠪᠢᠷᠠᠯᠲᠠ ᠵᠢᠨ ᠤᠯᠠᠨ ᠲᠠᠯ᠎ᠠ ᠵᠢᠨ ᠠᠬᠢᠴᠠ᠎ᠳᠤ ᠴᠢᠬᠤᠯᠠ ᠣᠷᠣᠯᠴᠠᠭᠴᠢ ᠲᠠᠯ᠎ᠠ ᠪᠣᠯᠣᠨ᠎ᠠ᠂ ᠳᠤᠮᠳᠠᠳᠤ ᠤᠯᠤᠰ᠎ᠤᠨ ᠨᠠᠷᠢᠨ ᠪᠢᠴᠢᠭ᠎ᠤᠨ ᠭᠠᠵᠠᠷ᠎ᠤᠨ ᠠᠵᠢᠯ᠎ᠢ ᠶᠡᠬᠡᠪᠡᠷ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠪᠦᠬᠦ ᠪᠥᠮᠪᠥᠷᠴᠡᠭ ᠵᠶ᠋ᠡᠷ ᠵᠶ᠋ᠡᠨ ᠭᠠᠷ ᠬᠣᠯᠪᠣᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠡᠩ ᠰᠠᠶ᠋ᠢᠲᠤᠷ ᠠᠬᠢᠭᠤᠯᠤᠨ᠎ᠠ ᠭᠡᠵᠦ ᠢᠯᠡᠳᠬᠡᠪᠡ᠃