4 ᠰᠠᠷ᠎ᠠ ᠵᠢᠨ 14᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠡᠭᠡᠵᠢᠩ᠎ᠳᠤ ᠪᠷᠠᠽᠢᠯ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠰᠢᠷᠸᠠ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠪᠤᠳᠤᠯ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠬᠤᠸᠠᠩ ᠷᠦᠨ ᠴᠢᠦ ᠬᠣᠶᠠᠷ ᠲᠠᠯ᠎ᠠ ᠵᠢᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠦᠷᠢᠶᠡᠨ᠎ᠳᠤ ᠥᠷᠨᠢᠭᠦᠯᠦᠭᠰᠡᠨ ᠰᠠᠢ᠍ᠢ᠍ᠨ ᠰᠠᠢ᠌ᠬᠠᠨ ᠬᠠᠮᠲᠤᠷᠠᠯᠴᠠᠭ᠎ᠠ ᠵᠢ ᠡᠷᠭᠢᠴᠡᠭᠦᠯᠵᠦ᠂ ᠪᠷᠠᠽᠢᠯ᠎ᠤᠨ ᠲᠠᠯ᠎ᠠ ᠵᠢᠨ᠎ᠬᠢᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP15)᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠦᠵᠡᠭᠦᠯᠦᠭᠰᠡᠨ ᠬᠦᠴᠦᠲᠡᠢ ᠳᠡᠮᠵᠢᠯᠭᠡ᠎ᠳᠤ ᠲᠠᠯᠠᠷᠬᠠᠵᠤ᠂ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠭᠠᠷᠤᠭᠰᠠᠨ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠵᠢ ᠲᠠᠨᠢᠯᠴᠠᠭᠤᠯᠪᠠ᠃ ᠲᠡᠷᠡ᠂ ᠳᠤᠮᠳᠠᠳᠤ ᠵᠢᠨ ᠲᠠᠯ᠎ᠠ ᠵᠢᠨ᠎ᠬᠢᠨ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢᠨ ᠵᠠᠮ ᠵᠶ᠋ᠠᠷ ᠡᠷᠡᠰ ᠵᠠᠮᠨᠠᠵᠤ᠂ ᠳᠤᠷᠠᠲᠠᠶ᠎ᠠ ᠪᠷᠠᠽᠢᠯ᠎ᠤᠨ ᠲᠠᠯ᠎ᠠ ᠵᠢᠨ᠎ᠬᠢᠨ᠎ᠲᠠᠢ ᠣᠢ᠌ᠯᠠᠭ᠋ᠠᠯᠴᠠᠭ᠎ᠠ ᠵᠣᠬᠢᠴᠠᠭᠤᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢ᠌ᠷᠡᠭᠦᠯᠦᠨ ᠥᠷᠭᠡᠳᠬᠡᠨ᠎ᠡ ᠭᠡᠵᠦ ᠢᠯᠡᠳᠬᠡᠪᠡ᠃
ᠰᠢᠷᠸᠠ ᠪᠷᠠᠽᠢᠯ᠎ᠤᠨ ᠠᠷᠢᠭᠤᠨ ᠴᠡᠪᠡᠷ ᠡᠨᠧᠷᠭᠢ ᠵᠢ ᠬᠥᠭᠵᠢᠭᠦᠯᠬᠦ᠂ ᠠᠮᠠᠽᠤᠨᠠᠰᠤᠨ ᠪᠣᠷᠣᠭ᠋ᠠᠨ᠎ᠲᠤ ᠤᠢ ᠵᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠠᠵᠢᠯ᠎ᠤᠨ ᠦᠷ᠎ᠡ ᠪᠦᠲᠦᠮᠵᠢ ᠵᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠤ ᠣᠯᠣᠭᠰᠠᠨ ᠠᠮᠵᠢᠯᠲᠠ ᠪᠦᠲᠦᠮᠵᠢ ᠪᠣᠯᠣᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠲᠠᠯ᠎ᠠ᠎ᠪᠠᠷ ᠦᠵᠡᠭᠦᠯᠦᠭᠰᠡᠨ ᠬᠤᠪᠢ ᠨᠡᠮᠡᠷᠢ ᠵᠢ ᠮᠠᠭᠲᠠᠨ ᠰᠠᠢ᠌ᠰᠢᠶᠠᠵᠤ᠂ ᠳᠤᠷᠠᠲᠠᠶ᠎ᠠ ᠳᠤᠮᠳᠠᠳᠤ ᠵᠢᠨ ᠲᠠᠯ᠎ᠠ ᠵᠢᠨ᠎ᠬᠢᠨ᠎ᠤ COP15 ᠲᠡᠷᠢᠭᠦᠯᠡᠭᠴᠢ ᠤᠯᠤᠰ᠎ᠤᠨ ᠬᠤᠪᠢ᠎ᠪᠠᠷ 《ᠺᠦᠨᠮᠢᠩ — ᠮᠣᠨᠲᠷᠧᠶᠠᠯ᠎ᠤᠨ ᠪᠦᠬᠦ ᠪᠦᠮᠪᠤᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠡᠪᠴᠢ ᠲᠥᠰᠥᠪ》᠎ᠤᠨ ᠨᠠᠢ᠌ᠳᠠᠪᠤᠷᠢᠵᠭᠤᠯᠤᠯᠳᠠ ᠵᠢ ᠳᠠᠮᠵᠢᠵᠤ᠂ ᠳᠤᠮᠳᠠᠳᠤ ᠤᠯᠤᠰ᠎ᠯᠤᠭ᠎ᠠ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠪᠥᠬᠥ ᠪᠥᠮᠪᠥᠷᠴᠡᠭ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠭ᠋ᠠᠬᠤ ᠵᠢ ᠬᠦᠰᠡᠵᠦ ᠪᠠᠢ᠌ᠨ᠎ᠠ ᠭᠡᠪᠡ᠃