2023 ᠣᠨ᠎ᠤ 3 ᠰᠠᠷ᠎ᠠ ᠵᠢᠨ 20᠎ᠤ ᠡᠳᠦᠷ᠎ᠠᠴᠠ 21᠎ᠤ ᠡᠳᠦᠷ ᠪᠣᠯᠲᠠᠯ᠎ᠠ᠂ ᠳ᠋ᠠᠨᠮᠠᠷᠺ᠎ᠲᠤ᠂ 《ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠪᠦᠳᠦᠭᠦᠪᠴᠢ ᠲᠥᠰᠥᠪ᠎ᠤᠨ ᠨᠠᠢ᠌ᠳᠠ ᠵᠢᠨ ᠭᠡᠷ᠎ᠡ》 (ᠳᠣᠷᠣᠭᠰᠢ 《ᠨᠠᠢ᠌ᠳᠠ ᠵᠢᠨ ᠭᠡᠷ᠎ᠡ》 ᠭᠡᠵᠦ ᠲᠣᠪᠴᠢᠯᠠᠨ᠎ᠠ) ᠵᠢᠨ ᠬᠣᠷᠢᠨ ᠳᠣᠯᠣᠳᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠬᠤᠷᠠᠯ (COP27)᠎ᠤᠨ ᠲᠡᠷᠢᠭᠦᠯᠡᠭᠴᠢ ᠤᠯᠤᠰ ᠪᠣᠯᠬᠤ ᠶᠧᠵᠢᠫᠲ᠂ COP28 ᠲᠡᠷᠢᠭᠦᠯᠡᠭᠴᠢ ᠤᠯᠤᠰ ᠪᠣᠯᠬᠤ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ ᠬᠠᠮᠲᠤᠷᠠᠨ ᠬᠤᠷᠠᠯᠳᠤᠭᠤᠯᠤᠭᠰᠠᠨ ᠠᠭᠤᠷ ᠠᠮᠢᠰᠬᠤᠯ᠎ᠤᠨ ᠰᠠᠢ᠌ᠳ᠎ᠤᠨ ᠲᠠᠰ᠎ᠤᠨ ᠬᠤᠷᠠᠯ ᠺᠤᠫᠧᠬᠠᠡᠭᠸᠠᠳᠤ ᠬᠤᠷᠠᠯᠳᠤᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠵᠤᠤ ᠶᠢᠩ ᠮᠢᠨ ᠪᠦᠯᠬᠦᠮ ᠳᠠᠭ᠋ᠠᠭᠤᠯᠤᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠳᠤᠮᠳᠠᠳᠤ ᠵᠢᠨ ᠲᠠᠯ᠎ᠠ᠎ᠠᠴᠠ᠂ ᠳᠤᠷᠠᠲᠠᠶ᠎ᠠ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ COP28 ᠵᠢ ᠠᠮᠵᠢᠯᠲᠠ᠎ᠲᠠᠢ ᠡᠷᠬᠢᠯᠡᠬᠦ ᠵᠢ ᠪᠦᠬᠦ ᠬᠦᠴᠦᠨ ᠵᠶ᠋ᠡᠷ ᠵᠶ᠋ᠡᠨ ᠳᠡᠮᠵᠢᠵᠦ᠂ 《ᠫᠠᠷᠢᠰ᠎ᠤᠨ ᠬᠡᠯᠡᠯᠴᠡᠭᠡᠷ》᠎ᠤᠨ ᠠᠩᠬᠠᠳᠤᠭ᠋ᠠᠷ ᠤᠳᠠᠭ᠎ᠠ ᠵᠢᠨ ᠪᠦᠬᠦ ᠪᠥᠮᠪᠥᠷᠴᠡᠭ᠎ᠤᠨ ᠪᠦᠷᠢᠳᠬᠡᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠵᠣᠬᠢᠴᠠᠬᠤ᠂ ᠪᠡᠯᠡ ᠮᠥᠩᠭᠥ᠂ ᠬᠣᠬᠢᠷᠠᠯ ᠪᠣᠯᠣᠨ ᠬᠥᠨᠥᠭᠡᠯ᠂ ᠤᠳᠠᠭ᠋ᠠᠰᠢᠷᠠᠭᠤᠯᠬᠤ ᠵᠡᠷᠭᠡ ᠵᠠᠩᠭᠢᠯᠠᠭ᠎ᠠ ᠵᠢᠨ ᠬᠡᠯᠡᠯᠴᠡᠭᠡ ᠵᠢᠨ ᠵᠥᠪᠯᠡᠬᠦ ᠰᠡᠳᠦᠪ᠎ᠤᠨ ᠢᠳᠡᠪᠬᠢᠲᠡᠢ ᠦᠷ᠎ᠡ ᠪᠦᠲᠦᠭᠡᠯ ᠣᠯᠬᠤ ᠵᠢ ᠠᠬᠢᠭᠤᠯᠤᠨ᠎ᠠ ᠭᠡᠵᠦ ᠢᠯᠡᠳᠬᠡᠪᠡ᠃ ᠪᠦᠬᠦ ᠪᠥᠮᠪᠥᠷᠴᠡᠭ᠎ᠤᠨ ᠪᠦᠷᠢᠳᠬᠡᠯ᠎ᠳᠤ 《ᠨᠠᠢ᠌ᠳᠠ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠲᠤ ᠲᠣᠭᠲᠠᠭ᠋ᠠᠭᠰᠠᠨ ᠳᠤᠯᠠᠭ᠋ᠠᠨ᠎ᠤ ᠬᠡᠮᠵᠢᠶ᠎ᠡ ᠵᠢ ᠡᠵᠡᠮᠳᠡᠬᠦ ᠬᠠᠷᠠᠯᠲᠠ ᠪᠣᠯᠣᠨ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠬᠠᠷᠢᠭᠤᠴᠠᠯᠭ᠎ᠠ ᠵᠡᠷᠭᠡ ᠵᠠᠷᠴᠢᠮ᠎ᠢ ᠪᠠᠷᠢᠮᠲᠠᠯᠠᠵᠤ᠂ ᠠᠭᠤᠷ ᠠᠮᠢᠰᠬᠤᠯ᠎ᠤᠨ ᠠᠵᠢᠯᠯᠠᠭ᠎ᠠ ᠵᠢᠨ ᠠᠬᠢᠴᠠ ᠪᠣᠯᠣᠨ ᠳᠤᠲᠠᠭᠤᠳᠠᠯ᠎ᠢ ᠪᠦᠬᠦ ᠲᠠᠯ᠎ᠠ᠎ᠪᠠᠷ ᠦᠨᠡᠯᠡᠵᠦ᠂ ᠪᠦᠬᠦ ᠪᠥᠮᠪᠥᠷᠴᠡᠭ᠎ᠤᠨ ᠲᠥᠪ ᠭᠣᠣᠯᠴᠢ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠪᠣᠳᠠᠲᠠᠢ᠎ᠪᠠᠷ ᠠᠬᠢᠭᠤᠯᠤᠨ᠎ᠠ᠃ ᠡᠯ᠎ᠡ ᠲᠠᠯ᠎ᠠ ᠵᠢᠨ᠎ᠬᠢᠨ ᠪᠦᠬᠦ ᠪᠥᠮᠪᠥᠷᠴᠡᠭ᠎ᠤᠨ ᠵᠣᠬᠢᠴᠠᠬᠤ ᠬᠠᠷᠠᠯᠲᠠ ᠵᠢᠨ ᠪᠦᠳᠦᠭᠦᠪᠴᠢ ᠲᠥᠰᠥᠪ᠎ᠢ ᠲᠦᠷᠭᠡᠬᠡᠨ ᠲᠣᠭᠲᠠᠭ᠋ᠠᠵᠤ᠂ ᠵᠣᠬᠢᠴᠠᠬᠤ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠣᠬᠢᠴᠠᠬᠤ ᠤᠯᠠᠨ ᠤᠯᠤᠰ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠪᠠᠯ ᠵᠣᠬᠢᠨ᠎ᠠ᠃ ᠬᠥᠭᠵᠢᠭᠰᠡᠨ ᠤᠯᠤᠰ᠎ᠤᠳ᠎ᠢ ᠱᠠᠯᠠᠪᠳᠠᠭᠤᠯᠤᠨ ᠱᠠᠭ᠋ᠠᠷᠳᠠᠵᠤ ᠪᠠᠶ᠋ᠢᠭ᠋ᠠᠳ ᠵᠢᠯ ᠪᠦᠷᠢ 1000 ᠳ᠋ᠦᠩᠰᠢᠭᠤᠷ ᠳ᠋ᠣᠯᠯᠠᠷ᠎ᠤᠨ ᠠᠭᠤᠷ ᠠᠮᠢᠰᠬᠤᠯ᠎ᠤᠨ ᠪᠡᠯᠡ ᠮᠥᠩᠭᠥ ᠵᠢᠨ ᠠᠮᠠᠯᠠᠯᠲᠠ᠎ᠪᠠᠨ ᠲᠦᠷᠭᠡᠬᠡᠨ ᠨᠠᠢ᠌ᠳᠠᠪᠤᠷᠢᠵᠢᠭᠤᠯᠬᠤ ᠵᠢᠨ ᠬᠠᠮᠲᠤ ᠪᠡᠯᠡ ᠮᠥᠩᠭᠥ ᠵᠢ ᠳᠠᠬᠢᠨ ᠵᠶ᠋ᠠᠷ ᠨᠡᠮᠡᠭᠳᠡᠭᠦᠯᠬᠦ᠎ᠳᠤ ᠵᠣᠬᠢᠴᠠᠬᠤ ᠵᠠᠮ ᠱᠤᠭᠤᠮ᠎ᠤᠨ ᠵᠢᠷᠤᠭ᠎ᠢ ᠳᠤᠷᠠᠳᠤᠨ ᠭᠠᠷᠭ᠋ᠠᠵᠤ᠂ 2025 ᠣᠨ᠎ᠠᠴᠠ ᠰᠡᠭᠦᠯᠡᠷᠬᠢ ᠠᠭᠤᠷ ᠠᠮᠢᠰᠬᠤᠯ᠎ᠤᠨ ᠪᠡᠯᠡ ᠮᠥᠩᠭᠥ ᠵᠢᠨ ᠬᠠᠷᠠᠯᠲᠠ ᠵᠢ ᠱᠠᠯᠠᠪᠳᠠᠨ ᠲᠣᠭᠲᠠᠭ᠋ᠠᠵᠤ᠂ ᠬᠣᠬᠢᠷᠠᠯ ᠪᠠ ᠬᠥᠨᠥᠭᠡᠯ᠎ᠤᠨ ᠰᠠᠭᠤᠷᠢ ᠮᠥᠩᠭᠥ᠎ᠳᠤ ᠰᠢᠨ᠎ᠡ᠂ ᠢᠯᠡᠭᠦᠴᠡ᠂ ᠭᠦᠢ᠍ᠴᠡᠳ᠂ ᠲᠥᠰᠥᠭᠡᠯᠡᠵᠦ ᠪᠣᠯᠬᠤ ᠮᠥᠷᠲᠡᠭᠡᠨ ᠠᠮᠠᠷᠬᠠᠨ ᠣᠯᠵᠤ ᠪᠣᠯᠬᠤ ᠪᠡᠯᠡ ᠮᠥᠩᠭᠥ ᠵᠢ ᠬᠠᠩᠭ᠋ᠠᠨ᠎ᠠ᠃ ᠡᠯ᠎ᠡ ᠲᠠᠯ᠎ᠠ ᠵᠢᠨ᠎ᠬᠢᠨ ᠬᠡᠯᠪᠡᠷᠢ᠎ᠪᠠᠨ ᠬᠤᠪᠢᠷᠠᠭᠤᠯᠵᠤ ᠰᠢᠨ᠎ᠡ ᠵᠢ ᠡᠭᠦᠳᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ 《ᠬᠠᠷᠢᠴᠠᠭ᠎ᠠ᠎ᠪᠠᠨ ᠰᠠᠯᠭ᠋ᠠᠵᠤ ᠬᠡᠯᠬᠢᠶ᠎ᠡ᠎ᠪᠠᠨ ᠲᠠᠰᠤᠯᠬᠤ》 ᠵᠢ ᠡᠰᠡᠷᠭᠦᠴᠡᠵᠦ᠂ ᠭᠠᠭᠴᠠ ᠲᠠᠯ᠎ᠠ ᠵᠢᠨ ᠦᠵᠡᠯ᠂ ᠬᠠᠮᠠᠭ᠋ᠠᠯᠠᠬᠤ ᠦᠵᠡᠯ᠎ᠢ ᠡᠰᠡᠷᠭᠦᠴᠡᠵᠦ᠂ ᠳᠡᠯᠡᠬᠡᠢ ᠨᠡᠢ᠌ᠭᠡᠮ᠎ᠤᠨ ᠪᠦᠯᠬᠦᠮᠳᠡᠨ ᠬᠠᠮᠲᠤᠷᠠᠯᠴᠠᠵᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠢᠳᠡᠪᠬᠢᠲᠡᠢ ᠣᠷᠴᠢᠨ᠎ᠢ ᠡᠭᠦᠳᠴᠦ ᠥᠭᠪᠡᠯ ᠵᠣᠬᠢᠨ᠎ᠠ᠃
ᠬᠤᠷᠠᠯ᠎ᠤᠨ ᠬᠤᠭᠤᠴᠠᠭ᠋ᠠᠨ᠎ᠳᠤ᠂ ᠳᠤᠮᠳᠠᠳᠤ ᠵᠢᠨ ᠲᠠᠯ᠎ᠠ ᠵᠢᠨ᠎ᠬᠢᠨ ᠤᠷᠢᠯᠭ᠎ᠠ᠎ᠪᠠᠷ COP28 ᠵᠢᠨ ᠲᠤᠰᠢᠶᠠᠯ᠎ᠳᠤ ᠭᠠᠷᠬᠤ᠎ᠪᠠᠷ ᠪᠠᠢ᠌ᠭ᠎ᠠ ᠲᠡᠷᠢᠭᠦᠯᠡᠭᠴᠢ ᠰᠦᠷᠲ᠋ᠠᠨ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠲᠤᠰᠠᠯᠠᠬᠤ ᠨᠠᠷᠢᠨ ᠪᠢᠴᠢᠭ᠎ᠤᠨ ᠳᠠᠷᠤᠭ᠎ᠠ ᠬᠠᠲ᠋ᠧ᠂ 《ᠨᠠᠢ᠌ᠳᠠ ᠵᠢᠨ ᠭᠡᠷ᠎ᠡ》 ᠵᠢᠨ ᠭᠦᠢ᠍ᠴᠡᠳᠬᠡᠬᠦ ᠨᠠᠷᠢᠨ ᠪᠢᠴᠢᠭᠡᠴᠢ ᠰᠲ᠋ᠢᠷ ᠵᠢᠴᠢ ᠳ᠋ᠠᠨᠮᠠᠷᠺ᠂ ᠭᠧᠷᠮᠠᠨ᠂ ᠹᠷᠠᠨᠼᠢ᠂ ᠠᠩᠭ᠍ᠯᠢ᠂ ᠺᠠᠨᠠᠳᠠ᠂ ᠠᠦ᠋ᠰᠲᠷᠠᠯᠢᠶ᠎ᠠ ᠵᠡᠷᠭᠡ ᠤᠯᠤᠰ᠎ᠤᠨ ᠰᠠᠢ᠌ᠳ᠎ᠤᠨ ᠲᠠᠰ᠎ᠤᠨ ᠲᠥᠯᠥᠭᠡᠯᠡᠭᠴᠢ᠎ᠲᠠᠢ ᠬᠣᠶᠠᠷ ᠲᠠᠯ᠎ᠠ ᠵᠢᠨ ᠬᠡᠯᠡᠯᠴᠡᠭᠡ ᠬᠢᠪᠡ᠃ ᠡᠯ᠎ᠡ ᠲᠠᠯ᠎ᠠ ᠵᠢᠨ᠎ᠬᠢᠨ ᠳᠤᠮᠳᠠᠳᠤ ᠵᠢᠨ ᠲᠠᠯ᠎ᠠ ᠵᠢᠨ᠎ᠬᠢᠨ᠎ᠤ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢ ᠠᠬᠢᠭᠤᠯᠬᠤ᠎ᠳᠤ ᠦᠵᠡᠭᠦᠯᠦᠭᠰᠡᠨ ᠬᠤᠪᠢ ᠨᠡᠮᠡᠷᠢ ᠵᠢ ᠨᠡᠢ᠌ᠳᠡᠮ᠎ᠳᠡᠭᠡᠨ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠷᠠᠲᠠᠶ᠎ᠠ ᠬᠡᠯᠡᠯᠴᠡᠭᠡ ᠬᠢᠬᠦ ᠵᠣᠭᠰᠣᠯᠲᠠ ᠵᠢᠨ ᠰᠣᠯᠢᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠶᠠᠷᠢᠯᠴᠠᠭ᠎ᠠ ᠪᠣᠯᠣᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠪᠡ᠃
ᠲᠤᠰ ᠤᠳᠠᠭ᠎ᠠ ᠵᠢᠨ ᠬᠤᠷᠠᠯ ᠪᠣᠯ COP28᠎ᠠᠴᠠ ᠡᠮᠦᠨᠡᠬᠢ ᠠᠭᠤᠷ ᠠᠮᠢᠰᠬᠤᠯ᠎ᠤᠨ ᠤᠯᠠᠨ ᠲᠠᠯ᠎ᠠ ᠵᠢᠨ ᠠᠬᠢᠴᠠ ᠵᠢᠨ ᠠᠩᠬᠠᠳᠠᠭᠴᠢ ᠤᠳᠠᠭ᠎ᠠ ᠵᠢᠨ ᠰᠦᠯᠵᠢᠶᠡᠨ ᠭᠠᠳᠠᠨᠠᠬᠢ ᠳᠡᠭᠡᠳᠦ ᠲᠡᠰ᠎ᠤᠨ ᠬᠤᠷᠠᠯ ᠪᠣᠯᠣᠨ᠎ᠠ᠂ 40 ᠰᠢᠬᠠᠮ ᠤᠯᠤᠰ᠎ᠤᠨ ᠰᠠᠢ᠌ᠳ᠎ᠤᠨ ᠲᠡᠰ᠎ᠤᠨ ᠲᠥᠯᠥᠭᠡᠯᠡᠭᠴᠢ ᠵᠢᠴᠢ ᠬᠣᠯᠪᠣᠭᠳᠠᠯ ᠪᠦᠬᠦᠢ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠳᠡᠭᠡᠳᠦ ᠲᠡᠰ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃