ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2022 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-02-09

      ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠣᠬᠢᠷᠲᠤᠯ᠎ᠢ ᠵᠠᠰᠠᠬᠤ ᠪᠣᠭᠣᠮᠲᠠ ᠰᠢᠪᠲᠤᠯᠬᠤ᠎ᠳᠠᠬᠢ ᠲᠤᠯᠭ᠋ᠠᠭᠤᠷᠢᠯᠠᠯ᠂ ᠵᠢᠯᠣᠭᠣᠳᠤᠮᠵᠢ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶ᠋ᠢᠮᠠᠭ ᠬᠣᠲᠠ ᠵᠢᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ ᠵᠢ ᠴᠢᠩᠭ᠋ᠠᠳᠬᠠᠵᠤ᠂ 2023 ᠣᠨ᠎ᠤ 1 ᠰᠠᠷ᠎ᠠ ᠵᠢᠨ 31᠎ᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2022 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠵᠥᠪᠳᠡᠯᠴᠡᠬᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠡᠯ᠎ᠡ ᠬᠣᠯᠪᠣᠭᠳᠠᠯ ᠪᠦᠬᠦᠢ ᠭᠠᠵᠠᠷ ᠲᠠᠰᠤᠭ᠂ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠴᠢ ᠬᠤᠪᠢᠶᠠᠷᠢ ᠥᠷᠲᠡᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠵᠢᠴᠢ ᠮᠡᠷᠭᠡᠵᠢᠯ᠎ᠤᠨ ᠠᠵᠢᠯᠲᠠᠳ ᠬᠤᠷᠠᠯ᠎ᠳᠤ ᠣᠷᠣᠯᠴᠠᠪᠠ᠃ ᠲᠣᠰ ᠤᠳᠠᠭ᠋ᠠᠨ᠎ᠤ ᠵᠥᠪᠳᠡᠯᠴᠡᠬᠦ ᠭᠣᠣᠯ ᠬᠤᠷᠠᠯ᠎ᠤᠨ ᠲᠠᠯᠠᠪᠠᠶ ᠵᠢ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠪᠠᠢ᠌ᠷᠢᠯᠠᠭᠤᠯᠵᠤ᠂ ᠡᠯ᠎ᠡ ᠠᠶ᠋ᠢᠮᠠᠭ ᠬᠣᠲᠠ ᠵᠢᠨ᠎ᠬᠢᠨ ᠬᠠᠷᠠᠭ᠋ᠠᠨ ᠳᠠᠪᠲᠠᠮᠵᠢ ᠵᠢᠨ ᠬᠡᠯᠪᠡᠷᠢ᠎ᠪᠠᠷ ᠬᠤᠷᠠᠯ᠎ᠳᠤ ᠣᠷᠣᠯᠴᠠᠵᠠᠢ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ ᠵᠢᠴᠢ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠠᠵᠢᠯ᠎ᠤᠨ ᠠᠬᠢᠴᠠ ᠵᠡᠷᠭᠡ ᠳᠥᠷᠪᠡᠨ ᠲᠠᠯ᠎ᠠ ᠵᠢᠨ ᠲᠣᠭᠣᠷᠢᠨ᠎ᠳᠤ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠦ᠂ 2022 ᠣᠨ᠎ᠤ ᠪᠥᠬᠥ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠂ ᠬᠤᠪᠢᠷᠠᠯᠲᠠ ᠵᠢᠨ ᠬᠠᠨᠳᠤᠰᠢ᠂ ᠬᠠᠯᠠᠮᠰᠢᠯ ᠠᠰᠠᠭᠤᠳᠠᠯ ᠵᠢᠴᠢ ᠭᠣᠣᠯᠳᠠᠯᠭ᠎ᠠ᠎ᠲᠠᠢ ᠣᠷᠣᠨ ᠪᠦᠰᠡ᠂ ᠰᠠᠪᠠ ᠭᠠᠵᠠᠷ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ ᠵᠢᠨ ᠪᠠᠶ᠋ᠢᠳᠠᠯ᠎ᠢ ᠵᠠᠳᠠᠯᠤᠨ ᠰᠤᠳᠤᠯᠵᠤ ᠮᠠᠭ᠋ᠠᠳᠯᠠᠪᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠠᠴᠠ 2022 ᠣᠨ᠎ᠤ ᠪᠥᠬᠥ ᠣᠷᠣᠨ᠎ᠤ ᠪᠣᠬᠢᠷᠲᠤᠯ᠎ᠤᠨ ᠡᠬᠢ ᠵᠢ ᠠᠦ᠋ᠲ᠋ᠣ᠋ ᠬᠢᠨᠠᠨ ᠡᠵᠡᠮᠳᠡᠭᠰᠡᠨ ᠪᠠᠶ᠋ᠢᠳᠠᠯ᠎ᠢ ᠵᠠᠳᠠᠯᠤᠨ ᠬᠠᠷᠢᠭᠤ ᠮᠡᠳᠡᠭᠦᠯᠪᠡ᠂ ᠡᠭᠦᠨ᠎ᠳᠤ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠳᠠᠮᠵᠢᠭᠤᠯᠤᠭᠰᠠᠨ ᠪᠠᠶ᠋ᠢᠳᠠᠯ᠂ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠣᠣᠯᠳᠠᠯᠭ᠎ᠠ᠎ᠲᠠᠢ ᠬᠠᠮᠢᠶᠠᠷᠤᠯᠲᠠ ᠵᠢᠨ ᠨᠢᠭᠡᠴᠢ ᠵᠢᠨ ᠰᠦᠯᠵᠢᠶᠡᠨ᠎ᠳᠤ ᠬᠣᠯᠪᠣᠭᠰᠠᠨ ᠪᠠᠶ᠋ᠢᠳᠠᠯ ᠵᠡᠷᠭᠡ ᠠᠭᠤᠯᠭ᠎ᠠ ᠵᠢ ᠪᠠᠭᠲᠠᠭ᠋ᠠᠪᠠ᠃

      ᠬᠤᠷᠠᠯ᠎ᠠᠴᠠ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠲᠣᠭᠲᠠᠴᠠ ᠵᠢ ᠪᠠᠢ᠌ᠭᠤᠯᠤᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ ᠪᠣᠯᠣᠨ ᠳᠠᠮᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠯ᠎ᠡ ᠳᠦᠷᠦᠯ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠪᠦᠲᠦᠮᠵᠢᠲᠡᠢ ᠨᠡᠢ᠌ᠳᠬᠡᠬᠦ ᠵᠢ ᠠᠬᠢᠭᠤᠯᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠣᠯᠪᠣᠯᠳᠤᠭᠤᠯᠤᠨ ᠨᠡᠪᠲᠡᠷᠡᠯᠴᠡᠭᠦᠯᠬᠦ ᠵᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠳᠠᠷᠠᠭ᠋ᠠᠴᠢ ᠵᠢᠨ ᠠᠯᠬᠤᠮ᠎ᠳᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠳᠤ ᠦᠵᠡᠭᠦᠯᠬᠦ ᠲᠤᠯᠭ᠋ᠠᠭᠤᠷᠢᠯᠠᠬᠤ ᠦᠢ᠍ᠯᠡᠳᠦᠯ᠎ᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ᠃ ᠨᠢᠭᠡ᠎ᠳᠤ᠂ ᠵᠥᠪᠳᠡᠯᠴᠡᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠭᠡᠷᠡᠭᠳᠡᠢ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠶ᠋ᠢᠳᠠᠯ ᠪᠠ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠬᠥᠷᠥᠰᠥ ᠰᠢᠷᠣᠢ ᠬᠢᠭᠡᠳ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ᠂ ᠱᠤᠤᠭᠢᠶᠠᠨ᠎ᠢ ᠬᠢᠨᠠᠨ ᠬᠡᠮᠵᠢᠬᠦ᠂ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠬᠦ ᠵᠢᠴᠢ ᠨᠠᠭᠦᠷᠡᠰᠦᠲᠦ᠋ᠷᠦᠭᠴᠢ ᠵᠢ ᠬᠢᠨᠠᠨ ᠬᠡᠮᠵᠢᠬᠦ ᠵᠡᠷᠭᠡ ᠵᠥᠪᠳᠡᠯᠴᠡᠬᠦ ᠠᠭᠤᠯᠭ᠎ᠠ ᠵᠢ ᠠᠯᠬᠤᠮ ᠠᠯᠬᠤᠮ ᠵᠶ᠋ᠠᠷ ᠨᠡᠮᠡᠭᠳᠡᠭᠦᠯᠬᠦ ᠭᠡᠷᠡᠭᠳᠡᠢ᠃ ᠬᠣᠶᠠᠷ᠎ᠲᠤ ᠣᠷᠴᠢᠨ ᠠᠬᠤᠢ ᠵᠢ ᠬᠢᠨᠠᠨ ᠬᠡᠮᠵᠢᠬᠦ ᠮᠡᠳᠡᠭᠡ ᠵᠠᠩᠭᠢᠵᠢᠯᠲᠠ ᠵᠢᠨ ᠲᠦᠪᠰᠢᠨ᠎ᠢ ᠲᠡᠭᠡᠭᠰᠢᠯᠡᠬᠦᠯᠬᠦ ᠭᠡᠷᠡᠭᠳᠡᠢ᠃ ᠣᠶᠤᠨᠴᠢ ᠬᠢᠨᠠᠨ ᠬᠡᠮᠵᠢᠯᠲᠡ ᠵᠢᠨ ᠲᠠᠪᠴᠠᠩ᠎ᠤᠨ ᠬᠡᠷᠡᠭᠯᠡᠯᠲᠡ ᠪᠠ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠭᠦᠨᠵᠡᠭᠡᠢ ᠠᠭᠤᠳᠠᠯᠵᠤ᠂ ᠲᠣᠭ᠎ᠠ ᠪᠠᠷᠢᠮᠲᠠ ᠵᠢᠨ ᠶᠡᠷᠦᠩᠬᠡᠢ᠌ᠯᠡᠭᠰᠡᠨ ᠵᠠᠳᠠᠯᠤᠯᠲᠠ ᠪᠠ ᠬᠡᠷᠡᠭᠯᠡᠭᠡᠨ᠎ᠤ ᠦᠵᠡᠭᠦᠯᠭᠡ ᠵᠡᠷᠭᠡ ᠴᠢᠳᠠᠮᠵᠢ ᠵᠢ ᠦᠷᠭᠦᠯᠵᠢᠯᠡᠨ ᠰᠢᠯᠢᠳᠡᠭᠵᠢᠭᠦᠯᠬᠦ ᠭᠡᠷᠡᠭᠳᠡᠢ᠃ ᠭᠤᠷᠪᠠ᠎ᠳᠤ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠪᠠ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠬᠤ ᠭᠡᠷᠡᠭᠳᠡᠢ᠃ ᠡᠯ᠎ᠡ ᠠᠶ᠋ᠢᠮᠠᠭ ᠬᠣᠲᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠤᠪᠢᠶᠠᠷᠢ ᠥᠷᠲᠡᠭᠡ᠎ᠨᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠯᠤᠭ᠎ᠠ ᠵᠢᠨ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠴᠠᠭ ᠲᠤᠬᠠᠢ᠎ᠳᠤᠨᠢ ᠬᠠᠷᠢᠭᠤ ᠲᠤᠰᠬᠠᠵᠤ᠂ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠪᠦᠲᠦᠮᠵᠢᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠳᠥᠷᠪᠡ᠎ᠳᠤ ᠪᠣᠬᠢᠷᠲᠤᠯ᠎ᠤᠨ ᠡᠬᠢ ᠰᠤᠷᠪᠤᠯᠵᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠡᠯ᠎ᠡ ᠠᠶ᠋ᠢᠮᠠᠭ ᠬᠣᠲᠠ᠎ᠨᠤᠭᠤᠳ ᠠᠵᠤ ᠠᠬᠤᠢ᠌ᠯᠠᠯ᠎ᠢ ᠰᠢᠮᠳᠠᠭᠤᠯᠤᠨ ᠵᠢᠯᠤᠭᠣᠳᠴᠤ ᠪᠠᠶ᠋ᠢᠭ᠋ᠠᠳ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠬᠡᠮᠵᠢᠯᠲᠡ ᠵᠢ ᠰᠠᠶ᠋ᠢᠲᠤᠷ ᠬᠢᠵᠦ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠳᠠᠮᠵᠢᠭᠤᠯᠭ᠎ᠠ ᠵᠢᠨ ᠴᠠᠭ ᠲᠤᠬᠠᠢ᠌ᠴᠢ ᠴᠢᠨᠠᠷ᠂ ᠪᠦᠷᠢᠨ ᠪᠦᠲᠦᠨ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠨ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠭᠠᠵᠠᠷ᠎ᠤᠨ ᠨᠠᠮ᠎ᠤᠨ ᠡᠭᠦᠷ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠬᠤᠷᠠᠯ ᠬᠤᠷᠠᠯᠳᠤᠭᠤᠯᠪᠠ
ᠠᠳᠠᠯᠢᠳᠬᠠᠬᠤ᠎ᠪᠠᠷ ᠰᠤᠷᠬᠤ ᠵᠢ ᠠᠬᠢᠭᠤᠯᠵᠤ᠂ ᠰᠤᠷᠬᠤ᠎ᠪᠠᠷ ᠬᠡᠷᠡᠭᠯᠡᠬᠦ ᠵᠢ ᠠᠬᠢᠭᠤᠯᠤᠨ᠎ᠠ — ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠮᠡᠷᠭᠡᠵᠢᠯ᠎ᠤᠨ ᠮᠥᠷᠥᠢ᠌ᠴᠡᠭᠡᠨ ᠤᠷᠤᠭᠰᠢᠲᠠᠢ ᠶᠠᠪᠤᠭᠳᠠᠪᠠ
ᠳᠤᠮᠳᠠᠳᠤ ᠣᠷᠣᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠎ᠤᠨ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯ ᠵᠢᠴᠢ ᠮᠡᠷᠭᠡᠵᠢᠯ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ 《ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠵᠡᠢ
 
             蒙ICP备05000248号