ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠢᠱ᠌ᠢᠶᠡᠴᠢ ᠬᠣᠰᠢᠭᠤᠴᠢ ᠠᠩᠭᠢ ᠵᠢᠨ ᠲᠠᠢ᠌ᠴᠢᠨ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠥ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠪᠣᠳᠠᠲᠤ ᠪᠠᠢ᠌ᠯᠳᠤᠭ᠋ᠠᠨ᠎ᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ 《ᠲᠤᠯᠭ᠋ᠠᠭᠤᠷᠢ》 ᠪᠣᠯᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠵᠢᠨ ᠲᠥᠯᠥᠭᠡ᠂ 7 ᠰᠠᠷ᠎ᠠ ᠵᠢᠨ 10᠎ᠤ ᠡᠳᠦᠷ᠎ᠠᠴᠠ 7 ᠰᠠᠷ᠎ᠠ ᠵᠢᠨ 14᠎ᠤ ᠡᠳᠦᠷ ᠪᠣᠯᠲᠠᠯ᠎ᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠥᠬᠥ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠮᠡᠷᠭᠡᠵᠢᠯ᠎ᠤᠨ ᠠᠵᠢᠯᠲᠠᠨ᠎ᠤ ᠶᠡᠬᠡ ᠮᠥᠷᠥᠢ᠌ᠴᠡᠭᠡᠨᠢ ᠠᠮᠵᠢᠯᠲᠠ᠎ᠲᠠᠢ ᠡᠷᠭᠢᠯᠡᠪᠡ᠃ ᠲᠣᠰ ᠤᠳᠠᠭ᠋ᠠᠨ᠎ᠤ ᠮᠥᠷᠥᠢ᠌ᠴᠡᠭᠡᠨ᠎ᠳᠤ ᠪᠣᠳᠠᠲᠤ ᠪᠠᠢ᠌ᠯᠳᠤᠭ᠋ᠠᠨ᠎ᠤ ᠴᠢᠨᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠨᠠᠷ᠂ ᠵᠢᠷᠤᠮᠵᠢᠯ᠎ᠤᠨ ᠴᠢᠨᠠᠷ᠎ᠢ ᠳᠣᠪᠣᠶ᠋ᠢᠯᠭ᠋ᠠᠵᠤ᠂ ᠬᠠᠮᠲᠤ ᠵᠢᠨ ᠤᠷᠤᠯᠳᠤᠭ᠋ᠠᠨ ᠵᠶ᠋ᠠᠷ ᠳᠡᠮᠵᠢᠨ᠂ ᠪᠥᠬᠥ ᠬᠣᠲᠠ ᠵᠢᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠩᠨᠡᠭᠡ ᠵᠢᠨ ᠡᠳᠦᠷ ᠲᠤᠲᠤᠮ᠎ᠤᠨ ᠪᠣᠯᠪᠠᠰᠤᠷᠠᠯ᠎ᠤᠨ ᠦᠷ᠎ᠡ ᠪᠦᠲᠦᠮᠵᠢ ᠵᠢ ᠰᠢᠯᠭ᠋ᠠᠨ ᠪᠠᠢ᠌ᠴᠠᠭ᠋ᠠᠵᠤ᠂ ᠪᠥᠬᠥ ᠬᠣᠲᠠ ᠵᠢᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠩᠨᠡᠭᠡ ᠵᠢᠨ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ ᠶᠤᠮ᠃
ᠲᠤᠰ ᠤᠳᠠᠭ᠎ᠠ ᠵᠢᠨ ᠮᠥᠷᠥᠢ᠌ᠴᠡᠭᠡᠨ᠎ᠳᠤ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠢ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠢᠳᠡᠪᠬᠢᠲᠡᠢ ᠣᠷᠤᠯᠴᠠᠯᠭ᠎ᠠ ᠳᠣᠣᠷ᠎ᠠ᠂ 12 ᠪᠠᠢ᠌ᠭᠤᠯᠤᠮᠵᠢ (ᠨᠡᠢ᠌ᠭᠡᠮ᠎ᠤᠨ ᠭᠤᠷᠪᠠᠳᠤᠭ᠋ᠠᠷ ᠡᠲᠡᠭᠡᠳ᠎ᠤᠨ ᠣᠷᠴᠢᠨ ᠲᠣᠭᠣᠷᠢᠨ᠎ᠢ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠵᠢ ᠪᠠᠭᠲᠠᠭ᠋ᠠᠨ᠎ᠠ)᠎ᠠᠴᠠ ᠢᠷᠡᠭᠰᠡᠨ 48 ᠣᠷᠣᠯᠴᠠᠭᠴᠢ ᠤᠷᠤᠯᠳᠤᠭ᠋ᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠵᠡᠢ᠃ ᠤᠷᠤᠯᠳᠤᠭ᠋ᠠᠨ ᠡᠬᠢᠯᠡᠬᠦ᠎ᠠᠴᠠ ᠡᠮᠦᠨ᠎ᠡ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠡᠮᠵᠢᠭᠦᠷᠯᠢᠭ ᠲᠥᠬᠦᠭᠡᠷᠦᠮᠵᠢ ᠵᠢᠨ ᠦᠢ᠍ᠯᠡᠳᠪᠦᠷᠢ ᠵᠢᠨ ᠢᠨᠵᠧᠨᠧᠷ᠎ᠢ ᠤᠷᠢᠵᠤ ᠪᠤᠢ ᠪᠦᠬᠦᠢ ᠤᠷᠤᠯᠳᠤᠭ᠋ᠠᠨ᠎ᠳᠤ ᠣᠷᠣᠯᠴᠠᠭᠰᠠᠳ᠎ᠲᠤ ᠤᠷᠤᠯᠳᠤᠭ᠋ᠠᠨ᠎ᠠᠴᠠ ᠡᠮᠦᠨᠡᠬᠢ ᠤᠷ᠎ᠠ ᠴᠢᠳᠠᠪᠤᠷᠢ ᠵᠢᠨ ᠪᠤᠯᠪᠠᠰᠤᠷᠠᠯ ᠬᠦᠷᠲᠡᠭᠡᠵᠦ᠂ ᠤᠷᠤᠯᠳᠤᠭ᠋ᠠᠨ᠎ᠳᠤ ᠣᠷᠣᠯᠴᠠᠭᠴᠢ ᠨᠢᠭᠡᠪᠦᠷᠢ᠎ᠳᠤ ᠪᠥᠬᠥ ᠲᠠᠯ᠎ᠠ ᠵᠢᠨ ᠪᠣᠳᠠᠲᠠᠢ ᠠᠵᠢᠯᠯᠠᠭ᠋ᠠᠨ᠎ᠤ ᠪᠣᠯᠪᠠᠰᠤᠷᠠᠯ ᠪᠠ ᠲᠤᠰᠬᠠᠢ ᠮᠡᠷᠭᠡᠵᠢᠯ᠎ᠤᠨ ᠮᠡᠳᠡᠯᠭᠡ ᠵᠢᠨ ᠵᠢᠯᠣᠭᠣᠳᠤᠯᠭ᠎ᠠ ᠬᠢᠵᠦ᠂ ᠲᠣᠰ ᠤᠳᠠᠭ᠋ᠠᠨ᠎ᠤ ᠤᠷᠤᠯᠳᠤᠭ᠋ᠠᠨ᠎ᠤ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢᠨ ᠬᠠᠮᠲᠤ ᠤᠷᠤᠯᠳᠤᠭ᠋ᠠᠨ᠎ᠳᠤ ᠣᠷᠣᠯᠴᠠᠭᠴᠢ ᠨᠢᠭᠡᠪᠦᠷᠢ᠎ᠳᠤ ᠬᠢᠨᠠᠮᠠᠭ᠋ᠠᠢ ᠬᠠᠷᠢᠭᠤᠴᠠᠵᠤ᠂ ᠠᠵᠢᠯᠯᠠᠭ᠋ᠠᠨ᠎ᠤ ᠪᠠᠷᠢᠮᠵᠢᠶ᠎ᠠ ᠵᠢ ᠨᠢᠭᠡᠳᠦᠯᠲᠡᠢ ᠵᠢᠷᠤᠮᠵᠢᠭᠤᠯᠬᠤ ᠵᠢ ᠪᠠᠲᠤᠯᠠᠪᠠ᠃
ᠤᠷᠤᠯᠳᠤᠭ᠋ᠠᠨ᠎ᠢ ᠭᠤᠷᠪᠠᠨ ᠭᠣᠭᠴᠣᠭ᠎ᠠ ᠬᠤᠪᠢᠶᠠᠪᠠ᠄ ᠤᠨᠤᠯ᠎ᠤᠨ ᠰᠢᠯᠭ᠋ᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠪᠠ ᠲᠤᠬᠠᠢ ᠵᠢᠨ ᠲᠠᠯᠠᠪᠤᠷ᠎ᠤᠨ ᠠᠵᠢᠯᠯᠠᠭ᠋ᠠᠨ᠎ᠤ ᠬᠢᠨᠠᠨ ᠰᠢᠯᠭ᠋ᠠᠯᠲᠠ ᠪᠣᠯᠣᠨ᠎ᠠ᠃ ᠤᠨᠤᠯ᠎ᠤᠨ ᠰᠢᠯᠭ᠋ᠠᠯᠲᠠ ᠵᠢᠨ ᠭᠣᠭᠴᠣᠭ᠎ᠠ᠎ᠳᠤ᠂ ᠤᠷᠤᠯᠳᠤᠭ᠋ᠠᠨ᠎ᠳᠤ ᠣᠷᠣᠯᠴᠠᠭᠰᠠᠳ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠤᠨᠤᠯ᠎ᠤᠨ ᠮᠡᠳᠡᠯᠭᠡ ᠵᠢᠨ ᠲᠤᠬᠠᠢ ᠣᠢ᠌ᠯᠠᠭ᠋ᠠᠯᠲᠠ ᠪᠠ ᠡᠵᠡᠮᠰᠢᠯ ᠵᠶ᠋ᠡᠨ ᠳᠡᠯᠭᠡᠨ ᠦᠵᠡᠭᠦᠯᠵᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠭᠰᠡᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠵᠤ ᠬᠢᠨᠠᠨ ᠰᠢᠯᠭ᠋ᠠᠬᠤ ᠭᠣᠭᠴᠣᠭ᠎ᠠ᠎ᠳᠤ᠂ ᠤᠷᠤᠯᠳᠤᠭ᠋ᠠᠨ᠎ᠳᠤ ᠣᠷᠣᠯᠴᠠᠭᠰᠠᠳ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠪᠣᠳᠠᠲᠠᠢ ᠪᠠᠶ᠋ᠢᠳᠠᠯ᠎ᠢ ᠦᠨᠳᠦᠰᠦᠯᠡᠨ᠂ ᠬᠢᠨᠠᠨ ᠬᠡᠮᠵᠢᠭᠰᠡᠨ ᠮᠡᠳᠡᠭᠦᠯᠦᠯᠲᠡ ᠵᠢ ᠨᠠᠢ᠌ᠷᠠᠭᠤᠯᠤᠨ ᠪᠢᠴᠢᠬᠦ ᠠᠵᠢᠯ᠎ᠢ ᠲᠦᠷᠭᠡᠨ᠂ ᠣᠨᠣᠪᠴᠢᠲᠠᠢ ᠪᠡᠶᠡᠯᠡᠭᠦᠯᠦᠨ᠎ᠡ᠃ ᠲᠤᠬᠠᠢ ᠵᠢᠨ ᠲᠠᠯᠠᠪᠤᠷ᠎ᠤᠨ ᠬᠡᠮᠵᠢᠭᠦᠷᠯᠢᠭ᠎ᠤᠨ ᠠᠵᠢᠯᠯᠠᠭ᠎ᠠ ᠵᠢᠨ ᠲᠥᠷᠥᠯ ᠵᠦᠢ᠍ᠯ᠎ᠢ ᠬᠣᠣᠷ ᠬᠥᠨᠥᠭᠡᠯ᠎ᠲᠠᠢ ᠬᠡᠢ ᠪᠡᠶᠡᠲᠦ ᠵᠢ ᠰᠢᠯᠭ᠋ᠠᠨ ᠪᠠᠢ᠌ᠴᠠᠭ᠋ᠠᠬᠤ᠂ ᠤᠰᠤᠨ᠎ᠤ ᠴᠢᠨᠠᠷ᠎ᠤᠨ ᠥᠯᠢᠭᠡᠷ ᠡᠳ᠋᠎ᠢ ᠰᠢᠯᠭ᠋ᠠᠨ ᠪᠠᠢ᠌ᠴᠠᠭ᠋ᠠᠬᠤ ᠪᠠ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠢ ᠰᠢᠯᠭ᠋ᠠᠨ ᠪᠠᠢ᠌ᠴᠠᠭ᠋ᠠᠬᠤ ᠭᠡᠵᠦ ᠬᠤᠪᠢᠶᠠᠵᠤ᠂ ᠤᠷᠤᠯᠳᠤᠭ᠋ᠠᠨ᠎ᠳᠤ ᠣᠷᠣᠯᠴᠠᠭᠴᠢ ᠨᠢᠭᠡᠪᠦᠷᠢ ᠲᠤᠬᠠᠢ ᠵᠢᠨ ᠲᠠᠯᠠᠪᠤᠷ᠎ᠲᠤ ᠰᠢᠪᠠᠭ᠎ᠠ ᠰᠤᠭᠤᠯᠵᠤ ᠲᠠᠰ ᠳᠠᠷᠠᠭ᠋ᠠᠯᠠᠯ ᠵᠶ᠋ᠠᠷ ᠵᠶ᠋ᠠᠨ ᠲᠥᠷᠥᠯ ᠵᠦᠢ᠍ᠯ ᠪᠦᠷᠢ ᠵᠢᠨ ᠤᠷᠤᠯᠳᠤᠭ᠋ᠠᠨ᠎ᠢ ᠶᠠᠪᠤᠭᠳᠠᠭᠤᠯᠤᠨ᠎ᠠ᠂ ᠤᠯᠠᠨ ᠵᠶ᠋ᠠᠷ ᠵᠶ᠋ᠠᠨ ᠪᠠᠷᠢᠮᠵᠢᠶᠠᠲᠤ ᠠᠵᠢᠯᠯᠠᠭ᠎ᠠ ᠵᠢᠨ ᠶᠠᠪᠤᠴᠠ ᠵᠢ ᠦᠨᠳᠦᠰᠦᠯᠡᠨ᠂ ᠬᠢᠨᠠᠨ ᠰᠢᠯᠭ᠋ᠠᠬᠤ ᠲᠥᠷᠥᠯ ᠵᠦᠢ᠍ᠯ᠎ᠤᠨ ᠰᠣᠬᠣᠷ ᠪᠠᠯᠠᠢ ᠵᠢᠨ ᠥᠯᠢᠭᠡᠷ ᠡᠳ᠋᠎ᠲᠤ ᠪᠠᠴᠢᠮ ᠪᠥᠭᠡᠳ ᠡᠮᠬᠢ ᠵᠢᠷᠤᠮ᠎ᠲᠠᠢ ᠵᠠᠳᠠᠯᠤᠯᠲᠠ ᠬᠢᠪᠡ᠃
ᠤᠷᠤᠯᠳᠤᠭ᠋ᠠᠨ᠎ᠤ ᠲᠥᠪ ᠭᠣᠣᠯᠴᠢ ᠴᠢᠨᠠᠷ ᠪᠠ ᠵᠢᠷᠤᠮᠵᠢᠯ ᠴᠢᠨᠠᠷ᠎ᠢ ᠪᠠᠲᠤᠯᠠᠬᠤ ᠵᠢᠨ ᠲᠥᠯᠥᠭᠡ᠂ ᠤᠯᠠᠭ᠋ᠠᠨᠬᠠᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠤᠰᠬᠠᠢ ᠮᠡᠷᠭᠡᠵᠢᠯ᠎ᠤᠨ ᠬᠢᠨᠠᠭᠴᠢ ᠵᠢᠨ ᠪᠦᠯᠬᠦᠮ᠎ᠢ ᠤᠷᠢᠵᠤ ᠲᠤᠬᠠᠢ ᠵᠢᠨ ᠲᠠᠯᠠᠪᠤᠷ᠎ᠤᠨ ᠠᠵᠢᠯᠯᠠᠭ᠋ᠠᠨ᠎ᠤ ᠶᠠᠪᠤᠴᠠ᠎ᠳᠤ ᠴᠢᠩᠭ᠎ᠠ ᠬᠢᠨᠠᠯᠲᠠ ᠲᠠᠯᠪᠢᠬᠤ ᠪᠠ ᠬᠢᠨᠠᠨ ᠰᠢᠯᠭ᠋ᠠᠷᠠᠭᠤᠯᠤᠯᠲᠠ ᠬᠢᠯᠭᠡᠪᠡ᠃ ᠡᠭᠦᠨ᠎ᠤ ᠬᠠᠮᠲᠤ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠎ᠳᠤ ᠲᠦᠰᠢᠭᠯᠡᠨ ᠬᠢᠨᠠᠯᠲᠠ ᠲᠠᠯᠪᠢᠬᠤ ᠺᠣᠮᠢᠰ ᠪᠠᠢ᠌ᠭᠤᠯᠵᠤ᠂ ᠤᠷᠤᠯᠳᠤᠭ᠋ᠠᠨ᠎ᠤ ᠲᠤᠰᠬᠠᠢ ᠮᠡᠷᠭᠡᠵᠢᠯ᠎ᠤᠨ ᠴᠢᠨᠠᠷ ᠪᠠ ᠲᠥᠪ ᠭᠣᠣᠯᠴᠢ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠣᠯ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠰᠡᠷᠭᠡᠢ᠌ᠯᠡᠬᠦ ᠴᠢᠬᠤᠯᠠ ᠠᠷᠭ᠎ᠠ ᠪᠠᠷᠢᠯ ᠮᠥᠨ᠂ ᠣᠷᠴᠢᠨ ᠲᠣᠭᠣᠷᠢᠨ᠎ᠤ ᠠᠮᠤᠷ ᠲᠦᠪᠰᠢᠨ᠎ᠢ ᠬᠠᠮᠠᠭ᠋ᠠᠯᠠᠬᠤ ᠬᠠᠮᠤᠭ ᠡᠴᠦᠰ᠎ᠤᠨ ᠬᠠᠯᠬᠠᠪᠴᠢ ᠮᠥᠨ᠃ ᠲᠤᠰ ᠤᠳᠠᠭ᠋ᠠᠨ᠎ᠤ ᠮᠥᠷᠥᠢ᠌ᠴᠡᠭᠡᠨ᠎ᠨᠢ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠤᠢ ᠪᠣᠯᠭ᠋ᠠᠵᠤ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠲᠣᠬᠢᠲᠠᠢ ᠠᠷᠭ᠋ᠠᠴᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ 《ᠦᠨᠡᠨ᠂ ᠣᠨᠣᠪᠴᠢᠲᠠᠢ᠂ ᠪᠦᠷᠢᠨ᠂ ᠲᠦᠷᠭᠡᠨ》᠎ᠢ ᠬᠦᠴᠦᠯᠡᠨ ᠠᠬᠢᠭᠤᠯᠵᠤ᠂ ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ ᠵᠢᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠯᠠᠭ᠋ᠠᠨᠬᠠᠳᠠ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠡᠩᠨᠡᠭᠡ ᠵᠢᠨ ᠨᠢᠭᠲᠠᠷᠠᠯ᠎ᠤᠨ ᠬᠦᠴᠦᠨ ᠪᠠ ᠲᠥᠪᠯᠡᠷᠡᠯ ᠬᠦᠴᠦᠨ᠎ᠢ ᠬᠦᠴᠦᠲᠡᠢ ᠳᠡᠭᠡᠭᠰᠢᠯᠡᠭᠦᠯᠦᠨ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠴᠣᠭ ᠵᠢᠪᠬᠤᠭ᠎ᠠ ᠵᠢ ᠭᠦᠢ᠍ᠴᠡᠳ ᠢᠯᠡᠷᠡᠭᠦᠯᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠪᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠦᠴᠦᠲᠡᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃