ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-08-07

      7 ᠰᠠᠷ᠎ᠠ ᠵᠢᠨ 25᠎ᠤ ᠦᠳᠡ ᠵᠢᠨ ᠬᠣᠢ᠌ᠨ᠎ᠠ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ᠎ᠬᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠬᠤᠷᠠᠯ ᠬᠤᠷᠠᠯᠳᠤᠭᠤᠯᠵᠤ᠂ 1 — 6 ᠰᠠᠷ᠎ᠠ ᠵᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠎ᠳᠤ ᠪᠥᠬᠥ ᠲᠠᠯ᠎ᠠ᠎ᠪᠠᠷ ᠵᠠᠳᠠᠯᠤᠯᠲᠠ ᠬᠢᠵᠦ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠤᠪᠢᠷᠠᠯᠲᠠ ᠵᠢᠨ ᠬᠠᠨᠳᠤᠰᠢ ᠵᠢ ᠦᠨᠡᠯᠡᠨ ᠵᠢᠱ᠌ᠢᠵᠦ᠂ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠳᠣᠣᠷ᠎ᠠ ᠬᠠᠭ᠋ᠠᠰ ᠵᠢᠯ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠣᠣᠯᠳᠠᠯᠭ᠎ᠠ ᠵᠢᠨ ᠠᠵᠢᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠵᠢᠭᠤᠯᠬᠤ ᠵᠢ ᠲᠦᠷᠭᠡᠳᠬᠡᠨ ᠠᠬᠢᠭᠤᠯᠪᠠ᠃

      ᠬᠤᠷᠠᠯ᠎ᠠᠴᠠ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠴᠢᠨᠠᠷ ᠰᠠᠢ᠌ᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶᠡᠨ᠎ᠤ ᠪᠠᠢ᠌ᠭᠤᠯᠤᠯᠲᠠ᠂ ᠶᠠᠰᠤ ᠴᠢᠨᠠᠷ᠎ᠤᠨ ᠬᠠᠮᠢᠶᠠᠷᠤᠯᠲᠠ᠂ ᠮᠡᠳᠡᠭᠡ ᠵᠠᠩᠭᠢ ᠨᠡᠢ᠌ᠲᠡᠯᠡᠬᠦ᠂ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ᠂ ᠴᠢᠳᠠᠪᠤᠷᠢ ᠵᠢᠨ ᠪᠠᠢ᠌ᠭᠤᠯᠤᠯᠲᠠ ᠵᠡᠷᠭᠡ ᠡᠯ᠎ᠡ ᠲᠠᠯ᠎ᠠ᠎ᠳᠤ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠢ᠌ᠲᠠᠢ ᠬᠢᠨᠠᠨ ᠬᠡᠮᠵᠢᠬᠦ ᠰᠦᠯᠵᠢᠶ᠎ᠡ ᠵᠢ ᠪᠠᠢ᠌ᠭᠤᠯᠵᠤ᠂ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠪᠠ ᠣᠷᠣᠨ ᠪᠦᠰᠡ ᠵᠢᠨ ᠪᠣᠬᠢᠷᠲᠤᠯ᠎ᠤᠨ ᠪᠤᠢ ᠪᠣᠯᠤᠭᠰᠠᠨ ᠰᠢᠯᠲᠠᠭ᠋ᠠᠨ᠎ᠤ ᠵᠠᠳᠠᠯᠤᠯᠲᠠ ᠵᠢ ᠴᠢᠩᠭ᠋ᠠᠳᠬᠠᠨ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠦᠨ᠎ᠡ ᠥᠷᠲᠡᠭ᠎ᠢ ᠭᠦᠨᠵᠡᠭᠡᠢ ᠠᠭᠤᠳᠠᠯᠵᠤ᠂ ᠬᠢᠨᠠᠨ ᠬᠡᠮᠵᠢᠬᠦ ᠪᠠ ᠬᠠᠮᠢᠶᠠᠷᠬᠤ ᠵᠢᠨ ᠬᠣᠭᠤᠷᠤᠨᠳᠤᠬᠢ ᠲᠣᠭ᠎ᠠ ᠪᠠᠷᠢᠮᠲᠠ ᠵᠢᠨ ᠬᠣᠯᠪᠣᠭ᠎ᠠ ᠪᠠ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠪᠡᠶᠡᠯᠡᠭᠦᠯᠬᠦ ᠬᠡᠷᠡᠭᠲᠡᠶ᠃ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠢᠭᠡᠳ ᠠᠶ᠋ᠢᠮᠠᠭ ᠬᠣᠲᠠ᠎ᠳᠤ ᠰᠠᠭᠤᠭ᠎ᠠ ᠬᠤᠪᠢᠶᠠᠷᠢ ᠥᠷᠲᠡᠭᠡ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠭᠡ ᠬᠢᠵᠦ᠂ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠵᠦ᠂ ᠢᠯᠠᠩᠭᠤᠶ᠎ᠠ ᠣᠷᠴᠢᠨ ᠲᠣᠭᠣᠷᠢᠨ᠎ᠤ ᠠᠰᠠᠭᠤᠳᠠᠯ ᠨᠡᠯᠢᠶᠡᠳ ᠲᠣᠪᠣᠢ᠌ᠮ᠎ᠠ ᠪᠠᠢ᠌ᠭ᠎ᠠ ᠣᠷᠣᠨ ᠪᠦᠰᠡ᠂ ᠰᠠᠪᠠ ᠭᠠᠵᠠᠷ᠎ᠲᠤ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠵᠢ ᠴᠢᠩᠭ᠋ᠠᠳᠬᠠᠵᠤ᠂ ᠬᠢᠨᠠᠨ ᠬᠡᠮᠵᠢᠯᠲᠡ ᠵᠢᠨ ᠨᠡᠢ᠌ᠯᠡᠮᠡᠯ ᠬᠦᠴᠦᠨ᠎ᠢ ᠪᠤᠢ ᠪᠣᠯᠭ᠋ᠠᠬᠤ ᠬᠡᠷᠡᠭᠲᠡᠶ᠃ ᠬᠠᠷᠢᠶ᠎ᠠ ᠣᠷᠣᠨ᠎ᠤ ᠳᠣᠲᠣᠷᠠᠬᠢ ᠡᠯ᠎ᠡ ᠲᠥᠷᠥᠯ᠎ᠤᠨ ᠬᠢᠨᠠᠨ ᠬᠡᠮᠵᠢᠬᠦ ᠥᠷᠲᠡᠭᠡ ᠴᠢᠭ᠎ᠤᠨ ᠡᠷᠬᠢᠨ ᠲᠣᠭᠣᠷᠢᠨ᠎ᠤ ᠣᠷᠴᠢᠨ ᠲᠣᠭᠣᠷᠢᠨ᠂ ᠲᠣᠣᠷ ᠰᠦᠯᠵᠢᠶ᠎ᠡ ᠵᠢᠨ ᠴᠢᠮᠡᠭᠡ ᠬᠣᠯᠪᠣᠭ᠎ᠠ᠂ ᠴᠠᠬᠢᠯᠭ᠋ᠠᠨ ᠬᠠᠩᠭ᠋ᠠᠯᠭ᠎ᠠ ᠵᠢᠨ ᠠᠮᠤᠷ ᠲᠦᠪᠰᠢᠨ᠎ᠤ ᠰᠡᠷᠭᠡᠢ᠌ᠯᠡᠯᠲᠡ᠂ ᠬᠠᠶᠠᠭᠳᠠᠮᠠᠯ ᠰᠢᠩᠭᠡᠨ᠎ᠢ ᠰᠢᠢ᠍ᠳᠪᠦᠷᠢᠯᠡᠬᠦ ᠵᠡᠷᠭᠡ ᠰᠠᠭᠤᠷᠢ ᠪᠠᠲᠤᠯᠠᠭ᠎ᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠬᠢᠨᠠᠨ ᠬᠡᠮᠵᠢᠬᠦ ᠦᠢ᠍ᠯᠡ ᠠᠵᠢᠯᠯᠠᠭ᠎ᠠ ᠵᠢ ᠵᠣᠷᠢᠭᠤᠳᠠ ᠬᠠᠷᠰᠢᠯᠠᠬᠤ ᠪᠠ ᠬᠠᠷᠰᠢᠯᠠᠬᠤ ᠰᠡᠷᠭᠡᠢ᠌ᠯᠡᠨ ᠵᠠᠯᠬᠠᠭ᠋ᠠᠬᠤ ᠲᠣᠭᠲᠠᠴᠠ ᠵᠢ ᠪᠠᠢ᠌ᠭᠤᠯᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠤ ᠵᠣᠬᠢᠰ ᠦᠭᠡᠢ᠎ᠪᠠᠷ ᠭᠠᠷ ᠲᠥᠷᠥᠬᠦ ᠦᠢ᠍ᠯᠡ ᠠᠵᠢᠯᠯᠠᠭ᠎ᠠ ᠡᠭᠦᠰᠬᠦ ᠵᠢ ᠣᠭᠲᠣ ᠵᠥᠪᠰᠢᠶᠡᠷᠡᠬᠦ ᠦᠭᠡᠢ᠃ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠦᠷᠢᠮ᠎ᠢ ᠪᠣᠳᠠᠲᠠᠢ᠌ᠵᠢᠭᠤᠯᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠬᠦ ᠲᠣᠭᠲᠠᠴᠠ ᠵᠢ ᠰᠢᠯᠢᠳᠡᠭᠵᠢᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠭᠦᠨᠵᠡᠭᠡᠢ ᠠᠬᠢᠭᠤᠯᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠵᠣᠬᠢᠶᠠᠬᠤ ᠵᠢ ᠴᠢᠩᠭ᠎ᠠ ᠪᠠᠢ᠌ᠴᠠᠭ᠋ᠠᠵᠤ ᠴᠢᠩᠭ᠎ᠠ ᠰᠢᠢ᠍ᠳᠬᠡᠬᠦ ᠬᠡᠷᠡᠭᠲᠡᠶ ᠭᠡᠵᠦ ᠱᠠᠭ᠋ᠠᠷᠳᠠᠪᠠ᠃

      ᠬᠤᠷᠠᠯ᠎ᠠᠴᠠ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠥᠷᠲᠡᠭᠡ ᠴᠡᠭ᠎ᠤᠨ ᠪᠠᠢ᠌ᠷᠢᠯᠠᠭᠤᠯᠤᠯᠲᠠ ᠵᠢ ᠬᠢᠨᠠᠨ ᠲᠣᠭᠲᠠᠭ᠋ᠠᠬᠤ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠᠢ᠌ᠭᠤᠯᠤᠮᠵᠢ ᠵᠢᠨ ᠬᠢᠨᠠᠯᠲᠠ ᠪᠠᠢ᠌ᠴᠠᠭ᠋ᠠᠯᠲᠠ᠂ ᠣᠷᠴᠢᠨ ᠲᠣᠭᠣᠷᠢᠨ᠎ᠤ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠥᠪᠡᠷ ᠵᠶ᠋ᠡᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠲᠤᠰᠬᠠᠢ ᠮᠡᠷᠭᠡᠵᠢᠯ᠎ᠤᠨ ᠠᠵᠢᠯᠲᠠᠨ᠎ᠤ ᠮᠥᠷᠥᠢ᠌ᠴᠡᠭᠡᠨ ᠵᠡᠷᠭᠡ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠠᠬᠢᠭᠤᠯᠵᠤ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠨᠡᠢ᠌ᠲᠡᠯᠡᠵᠡᠢ᠃ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠤᠯᠤᠰ᠎ᠠᠴᠠ ᠡᠵᠡᠮᠳᠡᠬᠦ ᠬᠤᠳᠠ ᠵᠢᠨ ᠠᠭ᠋ᠠᠷ᠎ᠤᠨ ᠠᠦ᠋ᠲ᠋ᠣ᠋ ᠬᠢᠨᠠᠨ ᠬᠡᠮᠵᠢᠯᠲᠡ ᠵᠢᠨ ᠥᠷᠲᠡᠭᠡ ᠴᠡᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ᠎ᠢ ᠲᠤᠬᠠᠢ ᠵᠢᠨ ᠲᠠᠯᠠᠪᠠᠢ ᠪᠣᠯᠣᠨ ᠸᠢᠳᠢᠤ᠋ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠵᠠᠢ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠂ ᠤᠰᠤᠨ᠎ᠤ ᠣᠷᠴᠢᠨ ᠲᠣᠭᠣᠷᠢᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠂ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠪᠤᠷᠢ ᠵᠢᠨ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠣᠨ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠳ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠪᠠ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠠᠶ᠋ᠢᠮᠠᠭ ᠬᠤᠳᠠ᠎ᠳᠤ ᠰᠠᠭᠤᠭ᠎ᠠ ᠬᠤᠪᠢᠶᠠᠷᠢ ᠥᠷᠲᠡᠭᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠪᠢᠶᠠᠷᠢ ᠬᠤᠷᠠᠯ᠎ᠤᠨ ᠲᠠᠯᠠᠪᠠᠢ ᠵᠢᠨ ᠸᠢᠳᠢᠤ᠋ ᠬᠡᠯᠪᠡᠷᠢ᠎ᠪᠠᠷ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠳᠠᠯᠢᠳᠬᠠᠬᠤ᠎ᠪᠠᠷ ᠰᠤᠷᠬᠤ ᠵᠢ ᠠᠬᠢᠭᠤᠯᠵᠤ᠂ ᠰᠤᠷᠬᠤ᠎ᠪᠠᠷ ᠬᠡᠷᠡᠭᠯᠡᠬᠦ ᠵᠢ ᠠᠬᠢᠭᠤᠯᠤᠨ᠎ᠠ — ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠮᠡᠷᠭᠡᠵᠢᠯ᠎ᠤᠨ ᠮᠥᠷᠥᠢ᠌ᠴᠡᠭᠡᠨ ᠤᠷᠤᠭᠰᠢᠲᠠᠢ ᠶᠠᠪᠤᠭᠳᠠᠪᠠ
ᠳᠤᠮᠳᠠᠳᠤ ᠣᠷᠣᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠎ᠤᠨ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯ ᠵᠢᠴᠢ ᠮᠡᠷᠭᠡᠵᠢᠯ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ 《ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠵᠡᠢ
ᠮᠡᠳᠡᠭᠡ ᠵᠠᠩᠭᠢᠵᠢᠯᠲᠠ ᠵᠢᠨ ᠲᠦᠪᠰᠢᠨ᠎ᠢ ᠳᠡᠭᠡᠭᠰᠢᠯᠡᠭᠦᠯᠦᠨ 《ᠣᠶᠤᠨᠴᠢ ᠬᠢᠨᠠᠯᠲᠠ ᠬᠠᠮᠢᠶᠠᠷᠤᠯᠲᠠ》 ᠵᠢ ᠠᠬᠢᠭᠤᠯᠵᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠬᠤ ᠠᠵᠢᠯ ᠲᠣᠪᠣᠢ᠌ᠮ᠎ᠠ ᠠᠮᠵᠢᠯᠲᠠ ᠣᠯᠵᠠᠢ
 
             蒙ICP备05000248号