ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ 《ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠵᠡᠢ
ᠨᠡᠶ᠋ᠢᠲᠡᠯᠡᠭᠰᠡᠨ ᠴᠠᠭ᠄ 2023-07-04

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠥᠯᠥᠭᠡ᠂ 6 ᠰᠠᠷ᠎ᠠ ᠵᠢᠨ 28᠎ᠤ ᠦᠳᠡ ᠵᠢᠨ ᠡᠮᠦᠨ᠎ᠡ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠠᠵᠠᠷ᠎ᠤᠨ ᠨᠠᠮ᠎ᠤᠨ ᠡᠭᠦᠷ ᠨᠠᠮ᠎ᠤᠨ ᠭᠡᠰᠢᠭᠦᠳ ᠵᠶ᠋ᠠᠨ ᠵᠣᠬᠢᠶᠠᠨ ᠪᠠᠢ᠌ᠭᠤᠯᠵᠤ 《ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ᠃

      ᠬᠤᠷᠠᠯ ᠳᠡᠭᠡᠷ᠎ᠡ᠂ ᠪᠦᠬᠦ ᠨᠠᠮ᠎ᠤᠨ ᠭᠡᠰᠢᠭᠦᠨ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ ᠡᠪᠯᠡᠯ᠎ᠤᠨ ᠲᠥᠪ ᠬᠣᠷᠢᠶᠠᠨ᠎ᠤ ᠰᠢᠨ᠎ᠡ ᠨᠢᠭᠡ ᠬᠤᠭᠤᠴᠠᠭ᠋ᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠎ᠲᠠᠢ ᠬᠠᠮᠲᠤ᠎ᠪᠠᠷ ᠶᠠᠷᠢᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠡᠷᠭᠡ ᠵᠢ ᠨᠠᠷᠢᠨ ᠬᠢᠨᠠᠮᠠᠭ᠋ᠠᠢ ᠰᠤᠷᠤᠯᠴᠠᠪᠠ᠃ ᠨᠠᠮ᠎ᠤᠨ ᠭᠡᠰᠢᠭᠦᠳ ᠰᠤᠷᠤᠯᠴᠠᠬᠤ᠎ᠪᠠᠷ ᠳᠠᠮᠵᠢᠨ᠂ ᠠᠵᠢᠯ᠎ᠤᠨ ᠠᠮᠵᠢᠯᠲᠠ ᠵᠢᠨ ᠦᠵᠡᠯᠲᠡ ᠵᠢᠨ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠮᠢ ᠠᠬᠤᠢ ᠵᠢᠨ ᠪᠣᠯᠪᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠢᠲᠡᠭᠡᠯ ᠵᠣᠷᠢᠭ᠎ᠢ ᠨᠡᠩ ᠪᠠᠲᠤᠳᠬᠠᠪᠠ᠃

      ᠨᠠᠮ᠎ᠤᠨ ᠡᠭᠦᠷ᠎ᠤᠨ ᠱᠦᠵᠢ ᠠᠶᠤᠩᠭ᠎ᠠ ᠰᠣᠷᠣᠭᠰᠠᠨ ᠠᠭᠤᠯᠭ᠎ᠠ ᠪᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭ᠋ᠠᠬᠤ ᠪᠠ ᠦᠢ᠍ᠯᠡᠳᠦᠯᠭᠡᠵᠢᠭᠦᠯᠬᠦ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠥᠷᠥ ᠵᠢᠨ ᠦᠨᠡᠨᠴᠢ ᠰᠢᠳᠤᠷᠭᠤ ᠪᠠ ᠵᠣᠷᠢᠯᠲᠠ ᠵᠢᠨ ᠤᠬᠠᠮᠰᠠᠷ᠎ᠤᠨ ᠲᠥᠪᠯᠡᠷᠡᠩᠭᠦᠢ ᠢᠯᠡᠷᠡᠯ ᠮᠥᠨ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ ᠭᠡᠵᠦ ᠳᠤᠷᠠᠳᠤᠨ ᠭᠠᠷᠭ᠋ᠠᠵᠠᠢ᠃ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ ᠶᠡᠷᠦᠩᠬᠡᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠲᠠᠢ ᠤᠶᠠᠯᠳᠤᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠣᠨᠣᠪᠴᠢᠲᠠᠢ ᠡᠵᠡᠮᠰᠢᠵᠦ᠂ ᠳᠠᠷᠤᠢ 《ᠠᠷᠪᠠ ᠵᠢ ᠪᠠᠷᠢᠮᠲᠠᠯᠠᠬᠤ》 ᠵᠢᠨ ᠭᠣᠣᠯ ᠴᠢᠬᠤᠯᠠ ᠠᠭᠤᠯᠭ᠎ᠠ ᠪᠣᠯᠣᠨ᠎ᠠ᠂ ᠠᠷᠠᠳ᠎ᠲᠤ ᠪᠤᠶᠠᠨ ᠦᠢ᠍ᠯᠡᠳᠬᠦ ᠵᠢ ᠬᠠᠮᠤᠭ᠎ᠤᠨ ᠶᠡᠬᠡ ᠠᠵᠢᠯ᠎ᠤᠨ ᠪᠦᠲᠦᠮᠵᠢ ᠪᠣᠯᠭ᠋ᠠᠬᠤ ᠪᠣᠳᠠᠲᠠᠢ ᠠᠵᠢᠯ᠎ᠤᠨ ᠰᠡᠳᠬᠢᠴᠡ ᠵᠢ ᠭᠦᠨᠵᠡᠭᠡᠢ ᠪᠣᠳᠣᠯᠬᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠠᠦ᠋ᠲ᠋ᠣ᠋ ᠬᠢᠨᠠᠨ ᠡᠵᠡᠮᠰᠢᠯ᠎ᠤᠨ ᠰᠦᠯᠵᠢᠶᠡᠵᠢᠭᠦᠯᠦᠨ ᠳᠠᠮᠵᠢᠭᠤᠯᠬᠤ ᠪᠠ ᠥᠪᠡᠰᠦᠪᠡᠨ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ ᠵᠣᠬᠢᠶᠠᠨ ᠪᠠᠢ᠌ᠭᠤᠯᠵᠤ᠂ ᠲᠣᠭ᠋ᠠᠴᠢᠯᠠᠭᠰᠠᠨ ᠲᠠᠪᠴᠠᠩ᠎ᠢ ᠬᠡᠷᠡᠭᠯᠡᠨ ᠪᠥᠬᠥ ᠶᠠᠪᠤᠴᠠ ᠵᠢᠨ ᠬᠢᠨᠠᠨ ᠬᠡᠮᠵᠢᠯᠲᠡ ᠵᠢᠨ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠬᠦᠴᠦᠨ ᠪᠦᠬᠦᠢ ᠲᠤᠯᠭ᠋ᠠᠭᠤᠷᠢᠯᠠᠯ ᠬᠠᠩᠭ᠋ᠠᠬᠤ ᠬᠡᠷᠡᠭᠳᠡᠢ ᠭᠡᠵᠦ ᠲᠤᠷᠠᠳᠤᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠡᠳᠡᠭᠡ ᠵᠠᠩᠭᠢᠵᠢᠯᠲᠠ ᠵᠢᠨ ᠲᠦᠪᠰᠢᠨ᠎ᠢ ᠳᠡᠭᠡᠭᠰᠢᠯᠡᠭᠦᠯᠦᠨ 《ᠣᠶᠤᠨᠴᠢ ᠬᠢᠨᠠᠯᠲᠠ ᠬᠠᠮᠢᠶᠠᠷᠤᠯᠲᠠ》 ᠵᠢ ᠠᠬᠢᠭᠤᠯᠵᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠬᠤ ᠠᠵᠢᠯ ᠲᠣᠪᠣᠢ᠌ᠮ᠎ᠠ ᠠᠮᠵᠢᠯᠲᠠ ᠣᠯᠵᠠᠢ
ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ ᠬᠢᠨᠠᠨ ᠬᠡᠮᠵᠢᠬᠦ ᠴᠢᠳᠠᠪᠤᠷᠢᠲᠠᠨ᠎ᠢ ᠬᠥᠮᠥᠵᠢᠭᠦᠯᠦᠨ᠎ᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠵᠤᠷᠭ᠋ᠠᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠠᠵᠢᠯ᠎ᠢ ᠵᠣᠯᠭ᠋ᠠᠭᠤᠯᠬᠤ ᠬᠤᠷᠠᠯ ᠬᠢᠪᠡ
ᠡᠯᠡᠰᠦ ᠲᠣᠭᠣᠰᠣᠨ᠎ᠤ ᠡᠬᠢ ᠰᠤᠷᠪᠤᠯᠵᠢ ᠵᠢ ᠬᠢᠨᠠᠨ ᠬᠡᠮᠵᠢᠵᠦ ᠵᠠᠳᠠᠯᠤᠯᠲᠠ ᠬᠢᠬᠦ ᠵᠢ ᠴᠢᠩᠭ᠋ᠠᠳᠬᠠᠵᠤ ᠴᠦᠯᠯᠡᠷᠬᠡᠭᠵᠢᠯ᠎ᠢ ᠶᠡᠷᠦᠩᠬᠡᠢ᠌ᠯᠡᠨ ᠵᠠᠰᠠᠬᠤ᠎ᠳᠤ ᠬᠦᠴᠦᠨ ᠨᠡᠮᠡᠷᠢᠯᠡᠨ᠎ᠡ
 
             蒙ICP备05000248号