2023 ᠣᠨ᠎ᠤ 7 ᠰᠠᠷ᠎ᠠ ᠵᠢᠨ 12᠎ᠠᠴᠠ 13᠎ᠤ ᠡᠳᠦᠷ ᠪᠤᠯᠲᠠᠯ᠎ᠠ᠂ ᠳᠤᠮᠳᠠᠳᠤ ᠣᠷᠣᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠠᠮᠠᠭ᠋ᠠᠯᠠᠬᠤ ᠠᠵᠢᠯ᠎ᠤᠨ ᠳᠤᠭᠤᠢ᠌ᠯᠠᠩ (ᠳᠣᠷᠣᠭᠰᠢ ᠠᠵᠢᠯᠯᠠᠬᠤ ᠳᠤᠭᠤᠢ᠌ᠯᠠᠩ ᠭᠡᠵᠦ ᠲᠣᠪᠴᠢᠯᠠᠨ᠎ᠠ)᠎ᠤᠨ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯ ᠵᠢᠴᠢ ᠮᠡᠷᠭᠡᠵᠢᠯ᠎ᠤᠨ ᠰᠤᠳᠤᠯᠤᠨ ᠶᠠᠷᠢᠯᠴᠠᠬᠤ ᠬᠤᠷᠠᠯ᠎ᠨᠢ ᠬᠠᠷᠠᠭ᠋ᠠᠨ ᠳᠠᠪᠲᠠᠮᠵᠢ ᠵᠢᠨ ᠬᠤᠷᠠᠯ᠎ᠤᠨ ᠬᠡᠯᠪᠡᠷᠢ᠎ᠪᠠᠷ ᠬᠤᠷᠠᠯᠳᠤᠪᠠ᠃ ᠬᠣᠶᠠᠷ ᠲᠠᠯ᠎ᠠ᠎ᠪᠠᠷ ᠵᠶ᠋ᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠣᠢ᠌ᠷ ᠬᠤᠳᠠ ᠪᠣᠯᠣᠨ ᠮᠣᠰᠺᠸᠠ᠎ᠳᠤ ᠲᠤᠰ ᠲᠤᠰ ᠭᠣᠣᠯ ᠬᠤᠷᠠᠯ᠎ᠤᠨ ᠲᠠᠯᠠᠪᠠᠢ ᠪᠠᠢ᠌ᠭᠤᠯᠵᠤ᠂ ᠳᠤᠮᠳᠠᠳᠤ ᠵᠢᠨ ᠲᠠᠯ᠎ᠠ ᠵᠢᠨ ᠪᠦᠯᠬᠦᠮ᠎ᠤᠨ ᠳᠠᠷᠤᠭ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠢᠨᠠᠨ ᠬᠡᠮᠵᠢᠬᠦ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠣᠯᠣᠨ ᠤᠷᠤᠰ᠎ᠤᠨ ᠲᠠᠯ᠎ᠠ ᠵᠢᠨ ᠪᠦᠯᠬᠦᠮ᠎ᠤᠨ ᠳᠠᠷᠤᠭ᠎ᠠ᠂ ᠤᠷᠤᠰ᠎ᠤᠨ ᠬᠣᠯᠪᠣᠭ᠋ᠠᠨ᠎ᠤ ᠤᠰᠤᠨ᠎ᠤ ᠡᠬᠢ ᠪᠠᠶᠠᠯᠢᠭ᠎ᠤᠨ ᠵᠠᠬᠢᠷᠭ᠎ᠠ ᠵᠢᠨ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠰᠠᠸᠤᠰᠵᠢᠼᠺᠢ ᠲᠤᠰ ᠲᠤᠰ ᠪᠦᠯᠬᠦᠮ ᠳᠠᠭ᠋ᠠᠭᠤᠯᠤᠨ ᠬᠤᠷᠠᠯ᠎ᠳᠤ ᠣᠷᠣᠯᠴᠠᠵᠠᠢ᠃
ᠬᠣᠶᠠᠷ ᠲᠠᠯ᠎ᠠ᠎ᠪᠠᠷ ᠵᠶ᠋ᠠᠨ ᠠᠵᠢᠯᠯᠠᠬᠤ ᠳᠤᠭᠤᠢ᠌ᠯᠠᠩ᠎ᠤᠨ 2022 ᠣᠨ᠎ᠤ ᠠᠵᠢᠯ᠎ᠤᠨ ᠲᠥᠯᠥᠪᠯᠡᠭᠡ ᠵᠢ ᠪᠡᠶᠡᠯᠡᠭᠦᠯᠦᠭᠰᠡᠨ ᠪᠠᠶ᠋ᠢᠳᠠᠯ ᠪᠣᠯᠣᠨ ᠤᠰᠤᠨ᠎ᠤ ᠴᠢᠨᠠᠷ᠎ᠢ ᠬᠢᠨᠠᠨ ᠬᠡᠮᠵᠢᠭᠰᠡᠨ ᠦᠷ᠎ᠡ ᠳ᠋ᠦᠩ᠎ᠢ ᠬᠠᠷᠢᠯᠴᠠᠨ ᠮᠡᠳᠡᠭᠳᠡᠵᠦ᠂ ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ᠂ ᠡᠯ᠎ᠡ ᠵᠦᠢ᠍ᠯ᠎ᠤᠨ ᠲᠣᠭᠲᠠᠭᠰᠠᠨ ᠠᠵᠢᠯ ᠵᠶ᠋ᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ 2022 ᠣᠨ᠎ᠳᠤ ᠳᠤᠮᠳᠠᠳᠤ ᠤᠷᠤᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠪᠠ ᠭᠡᠵᠦ ᠰᠠᠨᠠᠯ ᠨᠢᠭᠡᠲᠡᠢ ᠦᠵᠡᠪᠡ᠃ ᠬᠣᠶᠠᠷ ᠲᠠᠯ᠎ᠠ᠎ᠪᠠᠷ ᠵᠶ᠋ᠠᠨ 《2023 ᠣᠨ᠎ᠤ ᠳᠤᠮᠳᠠᠳᠤ ᠤᠷᠤᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠠᠮᠲᠤᠷᠠᠨ ᠬᠢᠨᠠᠨ ᠬᠡᠮᠵᠢᠬᠦ ᠵᠢ ᠬᠡᠷᠡᠭᠵᠢᠭᠦᠯᠬᠦ ᠲᠥᠰᠥᠯ》᠎ᠢ ᠬᠢᠨᠠᠨ ᠵᠥᠪᠯᠡᠵᠦ ᠪᠠᠲᠤᠯᠠᠵᠤ᠂ ᠬᠠᠮᠲᠤ᠎ᠪᠠᠷ ᠴᠢᠷᠮᠠᠢ᠌ᠵᠤ ᠪᠠᠶ᠋ᠢᠭ᠋ᠠᠳ 2023 ᠣᠨ᠎ᠳᠤ ᠬᠢᠵᠢᠭ᠎ᠤᠨ ᠪᠠᠶ᠋ᠢᠳᠠᠯ᠎ᠤᠨ ᠳᠠᠷᠠᠭ᠎ᠠ ᠠᠩᠬ᠎ᠠ ᠤᠳᠠᠭ᠎ᠠ ᠳᠤᠮᠳᠠᠳᠤ ᠤᠷᠤᠰ ᠬᠣᠶᠠᠷ ᠲᠠᠯ᠎ᠠ᠎ᠪᠠᠷ ᠵᠶ᠋ᠠᠨ ᠬᠠᠮᠲᠤᠷᠠᠨ ᠬᠢᠨᠠᠨ ᠬᠡᠮᠵᠢᠬᠦ ᠵᠢ ᠥᠷᠨᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
ᠬᠣᠶᠠᠷ ᠲᠠᠯ᠎ᠠ᠎ᠪᠠᠷ ᠵᠶ᠋ᠠᠨ 2023 ᠣᠨ᠎ᠤ ᠳᠤᠮᠳᠠᠳᠤ ᠤᠷᠤᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠠᠮᠲᠤᠷᠠᠨ ᠬᠢᠨᠠᠨ ᠬᠡᠮᠵᠢᠬᠦ ᠠᠷᠭ᠎ᠠ ᠪᠣᠯᠣᠨ ᠲᠤᠷᠰᠢᠯᠲᠠ ᠵᠢᠨ ᠮᠡᠷᠭᠡᠵᠢᠯ᠎ᠤᠨ ᠰᠤᠳᠤᠯᠤᠨ ᠶᠠᠷᠢᠯᠴᠠᠬᠤ ᠬᠤᠷᠠᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠤᠳᠤᠯᠤᠨ ᠶᠠᠷᠢᠯᠴᠠᠬᠤ ᠬᠤᠷᠠᠯ᠎ᠠᠴᠠ ᠳᠤᠷᠠᠳᠤᠭᠰᠠᠨ ᠮᠡᠷᠭᠡᠵᠢᠯ᠎ᠤᠨ ᠰᠠᠨᠠᠭᠤᠯᠭ᠎ᠠ ᠪᠣᠯᠣᠨ ᠣᠯᠣᠭᠰᠠᠨ ᠠᠵᠢᠯ᠎ᠤᠨ ᠦᠷ᠎ᠡ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠦᠨᠡᠯᠡᠪᠡ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠣᠷᠣᠰ ᠬᠣᠶᠠᠷ ᠲᠠᠯ᠎ᠠ ᠵᠢᠨ ᠲᠤᠰᠬᠠᠢ ᠮᠡᠷᠭᠡᠵᠢᠯᠲᠡᠳ ᠲᠤᠰᠠᠭ᠋ᠠᠷ ᠬᠢᠨᠠᠨ ᠬᠡᠮᠵᠢᠵᠦ ᠣᠯᠣᠭᠰᠠᠨ ᠬᠢᠨᠠᠨ ᠬᠡᠮᠵᠢᠭᠰᠡᠨ ᠦᠷ᠎ᠡ ᠳ᠋ᠦᠩ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠳᠤᠮᠳᠠᠳᠤ ᠣᠷᠣᠰ᠎ᠤᠨ ᠤᠰᠤᠨ᠎ᠤ ᠴᠢᠨᠠᠷ᠎ᠤᠨ ᠦᠨᠡᠯᠡᠯᠲᠡ ᠵᠢᠨ ᠠᠷᠭ᠎ᠠ ᠵᠢᠨ ᠬᠠᠷᠢᠴᠠᠭᠤᠯᠤᠯ ᠰᠤᠳᠤᠯᠭ᠋ᠠᠨ᠎ᠢ ᠥᠷᠨᠢᠭᠦᠯᠪᠡ᠃
ᠬᠤᠷᠠᠯ᠎ᠠᠴᠠ ᠪᠠᠰᠠ ᠬᠢᠯᠢ ᠠᠯᠤᠰᠯᠠᠭᠰᠠᠨ ᠭᠣᠣᠯ ᠮᠥᠷᠡᠨ᠎ᠤ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ᠎ᠪᠠᠨ ᠰᠣᠯᠢᠯᠴᠠᠵᠤ᠂ 2023 ᠣᠨ᠎ᠤ ᠠᠵᠢᠯᠯᠠᠬᠤ ᠳᠤᠭᠤᠢ᠌ᠯᠠᠩ᠎ᠤᠨ ᠠᠵᠢᠯ᠎ᠤᠨ ᠲᠥᠯᠥᠪᠯᠡᠭᠡ ᠵᠢ ᠶᠠᠷᠢᠯᠴᠠᠨ ᠪᠠᠲᠤᠯᠠᠪᠠ᠃ ᠬᠤᠷᠠᠯ᠎ᠨᠢ ᠨᠥᠬᠥᠷᠰᠡᠭ᠂ ᠬᠠᠮᠲᠤᠷᠠᠯᠴᠠᠭ᠎ᠠ᠂ ᠪᠣᠳᠠᠲᠠᠢ ᠵᠢ ᠡᠷᠬᠢᠮᠯᠡᠭᠰᠡᠨ ᠠᠭᠤᠷ ᠠᠮᠢᠰᠬᠤᠯ᠎ᠤᠨ ᠳᠤᠮᠳᠠ ᠶᠠᠪᠤᠭᠳᠠᠵᠤ᠂ ᠤᠷᠢᠳᠴᠢᠯᠠᠨ ᠪᠣᠯᠵᠣᠨ ᠲᠣᠭᠲᠠᠭᠰᠠᠨ ᠪᠤᠢ ᠪᠦᠬᠦᠢ ᠬᠤᠷᠠᠯ᠎ᠤᠨ ᠵᠥᠪᠯᠡᠬᠦ ᠵᠦᠢ᠍ᠯ᠎ᠢ ᠥᠨᠳᠥᠷ ᠪᠦᠲᠦᠮᠵᠢᠲᠡᠢ ᠪᠡᠶᠡᠯᠡᠭᠦᠯᠦᠭᠰᠡᠨ ᠪᠥᠭᠡᠳ ᠬᠤᠷᠠᠯ᠎ᠤᠨ ᠲᠣᠪᠴᠢ ᠲᠡᠮᠳᠡᠭᠯᠡᠯ᠎ᠳᠤ ᠬᠠᠮᠲᠤ᠎ᠪᠠᠷ ᠭᠠᠷᠤᠨ ᠦᠰᠦᠭ ᠵᠢᠷᠤᠪᠠ᠃
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠵᠤᠷᠭ᠋ᠠᠨ᠂ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠬᠢᠯᠢ ᠵᠢᠨ ᠵᠠᠭ᠋ᠠᠭ ᠬᠢᠭᠡᠳ ᠲᠡᠯᠡᠢ ᠲᠠᠩᠭᠢᠰ᠎ᠤᠨ ᠬᠡᠷᠡᠭ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠲᠥᠪ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠬᠠᠷᠠᠮᠥ᠋ᠷᠡᠨ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠂ ᠬᠠᠷᠠᠮᠥ᠋ᠷᠡᠨ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠣᠢ᠌ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠯᠥᠨ ᠪᠣᠢ᠌ᠷ᠎ᠤᠨ ᠬᠤᠪᠢᠶᠠᠷᠢ ᠥᠷᠲᠡᠭᠡ᠂ ᠬᠠᠷᠠᠮᠥ᠋ᠷᠡᠨ ᠮᠤᠵᠢ ᠵᠢᠨ ᠵᠢᠰᠢ᠂ ᠵᠠᠮᠰᠣ᠂ ᠮᠦᠳᠠᠨᠵᠢᠶᠠᠩ᠂ ᠾᠧᠢ ᠾᠧ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠪᠠ᠃