ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》᠎ᠢ ᠬᠢᠨᠠᠮᠠᠭ᠋ᠠᠢ ᠲᠤᠭᠤᠰᠢᠯᠠᠭᠤᠯᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ 2023 ᠣᠨ᠎ᠤ ᠲᠦᠷᠦᠬᠦᠤ ᠤᠯᠠᠷᠢᠯ ᠪᠣᠯᠲᠠᠯ᠎ᠠ᠂ ᠪᠥᠬᠥ ᠣᠷᠣᠨ᠎ᠤ ᠨᠢᠭᠡᠨᠲᠡ ᠦᠨᠡᠮᠯᠡᠯ ᠣᠯᠭᠣᠭᠰᠠᠨ ᠭᠣᠣᠯᠳᠠᠯᠭ᠎ᠠ᠎ᠲᠠᠢ ᠬᠠᠮᠢᠶᠠᠷᠤᠯᠲᠠ ᠵᠢᠨ ᠠᠵᠤ ᠠᠬᠤᠢ᠌ᠯᠠᠯ᠎ᠤᠨ ᠥᠪᠡᠰᠦᠪᠡᠨ ᠬᠢᠨᠠᠨ ᠬᠡᠮᠵᠢᠵᠦ ᠰᠦᠯᠵᠢᠶᠡᠨ᠎ᠳᠤ ᠬᠣᠯᠪᠣᠭᠰᠠᠨ ᠨᠣᠷᠮ᠎ᠠ ᠪᠠ ᠬᠢᠨᠠᠨ ᠬᠡᠮᠵᠢᠭᠰᠡᠨ ᠦᠷ᠎ᠡ ᠳ᠋ᠦᠩ᠎ᠢ ᠨᠡᠢ᠌ᠲᠡᠯᠡᠭᠰᠡᠨ ᠨᠣᠷᠮ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ 70.61 ᠪᠠ 64.62 ᠪᠠᠢ᠌ᠭᠰᠠᠨ᠎ᠠᠴᠠ᠎ᠪᠠᠨ ᠳᠡᠭᠡᠭᠰᠢᠯᠡᠭᠡᠳ 96.53% ᠪᠠ 89.62% ᠪᠣᠯᠵᠤ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠶᠡᠬᠡᠪᠡᠷ ᠳᠡᠭᠡᠭᠰᠢᠯᠡᠪᠡ᠃
ᠨᠢᠭᠡ᠎ᠳᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠ ᠪᠠᠢ᠌ᠴᠠᠭ᠋ᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠪᠠ᠃ 2022 ᠣᠨ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠬᠤ ᠵᠣᠬᠢᠴᠠᠭᠤᠯᠬᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠪᠠᠢ᠌ᠭᠤᠯᠬᠤ ᠲᠤᠬᠠᠢ ᠮᠡᠳᠡᠭᠳᠡᠯ》᠎ᠢ ᠨᠠᠢ᠌ᠷᠠᠭᠤᠯᠤᠨ ᠳᠠᠷᠤᠮᠠᠯᠯᠠᠨ ᠲᠠᠷᠬᠠᠭ᠋ᠠᠵᠤ᠂ 《ᠰᠠᠷ᠎ᠠ᠎ᠪᠠᠷ ᠰᠤᠭᠤᠴᠢᠨ ᠪᠠᠢ᠌ᠴᠠᠭ᠋ᠠᠬᠤ᠂ ᠤᠯᠠᠷᠢᠯ ᠵᠶ᠋ᠠᠷ ᠬᠠᠷᠢᠭᠤ ᠲᠤᠰᠬᠠᠬᠤ》 ᠠᠷᠭ᠎ᠠ ᠬᠡᠯᠪᠡᠷᠢ ᠵᠢ ᠠᠪᠴᠤ᠂ ᠪᠥᠬᠥ ᠣᠷᠣᠨ᠎ᠤ 6600 ᠭᠠᠷᠤᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠠᠵᠢᠯᠯᠠᠭ᠎ᠠ᠎ᠳᠤ ᠰᠠᠷ᠎ᠠ᠎ᠪᠠᠷ ᠰᠤᠭᠤᠴᠢᠨ ᠪᠠᠢ᠌ᠴᠠᠭ᠋ᠠᠯᠲᠠ ᠥᠷᠨᠢᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ ᠢᠯᠡ ᠪᠣᠯᠭ᠋ᠠᠭᠰᠠᠨ ᠦᠭᠡᠢ ᠪᠤᠶᠤ ᠦᠨᠡᠨ ᠮᠥᠨ ᠵᠶ᠋ᠡᠷ᠎ᠨᠢ ᠢᠯᠡ ᠪᠣᠯᠭ᠋ᠠᠭᠰᠠᠨ ᠦᠭᠡᠢ ᠵᠡᠷᠭᠡ ᠠᠰᠠᠭᠤᠳᠠᠯ᠎ᠤᠨ ᠨᠠᠷᠢᠨ ᠬᠠᠭᠤᠳᠠᠰᠤ ᠵᠢ ᠤᠯᠠᠷᠢᠯ ᠵᠶ᠋ᠠᠷ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠪᠠ᠃ 2022 ᠣᠨ᠎ᠳᠤ ᠰᠦᠯᠵᠢᠶᠡᠨ ᠳᠡᠭᠡᠷ᠎ᠡ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ ᠨᠠᠢ᠌ᠳᠠ 1976 ᠰᠣᠩᠭᠣᠨ ᠪᠠᠢ᠌ᠴᠠᠭ᠋ᠠᠵᠤ᠂ 297 ᠤᠳᠠᠭ᠎ᠠ ᠪᠠᠢ᠌ᠴᠠᠭ᠋ᠠᠪᠠ᠃ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ᠎ᠬᠢᠨ ᠤᠯᠠᠮ ᠨᠢᠭᠡ ᠠᠯᠬᠤᠮ ᠪᠠᠢ᠌ᠴᠠᠭ᠋ᠠᠨ ᠬᠠᠷᠭᠤᠭᠤᠯᠵᠤ᠂ 15 ᠠᠵᠤ ᠠᠬᠤᠢ᠌ᠯᠠᠯ᠎ᠢ ᠪᠠᠢ᠌ᠴᠠᠭ᠋ᠠᠨ ᠰᠢᠢ᠍ᠳᠪᠦᠷᠢᠯᠡᠵᠦ᠂ 83.3 ᠲᠦᠮᠡᠨ ᠲᠥᠭᠥᠷᠢᠭ ᠵᠶ᠋ᠡᠷ ᠲᠣᠷᠭ᠋ᠠᠵᠤ ᠰᠢᠢ᠍ᠳᠬᠡᠪᠡ᠃ 2023 ᠣᠨ᠎ᠤ ᠲᠦᠷᠦᠬᠦᠤ ᠤᠯᠠᠷᠢᠯ᠎ᠳᠤ᠂ ᠰᠦᠯᠵᠢᠶᠡᠨ ᠳᠡᠭᠡᠷ᠎ᠡ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ 516 ᠰᠣᠩᠭᠣᠨ ᠪᠠᠢ᠌ᠴᠠᠭ᠋ᠠᠪᠠ᠃ ᠡᠭᠦᠨ᠎ᠤ ᠬᠠᠮᠲᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠰᠦᠪᠡᠨ ᠬᠢᠨᠠᠨ ᠬᠡᠮᠵᠢᠵᠦ ᠬᠢᠨᠠᠯᠲᠠ ᠲᠠᠯᠪᠢᠵᠤ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠵᠠᠳᠠᠯᠤᠨ ᠡᠮᠬᠢᠯᠡᠵᠦ᠂ ᠥᠪᠡᠷᠮᠢᠴᠡ ᠴᠢᠨᠠᠷ᠎ᠤᠨ ᠠᠰᠠᠭᠤᠳᠠᠯ᠎ᠤᠨ ᠴᠡᠭ᠎ᠠᠴᠠ ᠴᠡᠭ᠎ᠲᠤ ᠬᠠᠷᠢᠭᠤ ᠲᠤᠰᠬᠠᠬᠤ᠂ ᠨᠡᠢ᠌ᠲᠡᠯᠢᠭ ᠴᠢᠨᠠᠷᠲᠠᠢ ᠠᠰᠠᠭᠤᠳᠠᠯ᠎ᠢ ᠲᠥᠪᠯᠡᠷᠡᠭᠦᠯᠦᠨ ᠬᠠᠷᠢᠭᠤ ᠲᠤᠰᠬᠠᠬᠤ ᠬᠡᠯᠪᠡᠷᠢ᠎ᠪᠠᠷ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠵᠠᠷᠯᠠᠨ ᠮᠡᠳᠡᠭᠳᠡᠵᠦ᠂ 2023 ᠣᠨ᠎ᠤ 3 ᠰᠠᠷ᠎ᠠ᠎ᠳᠤ᠂ 《2022 ᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠵᠢᠴᠢ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠵᠠᠷᠯᠠᠨ ᠮᠡᠳᠡᠭᠳᠡᠬᠦ》 ᠵᠢ ᠨᠠᠢ᠌ᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠰᠦᠷᠳᠡᠭᠦᠯᠬᠦ᠂ ᠰᠡᠷᠡᠮᠵᠢᠯᠡᠭᠦᠯᠬᠦ ᠪᠠ ᠰᠤᠷᠭ᠋ᠠᠨ ᠬᠥᠮᠥᠵᠢᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
ᠬᠣᠶᠠᠷ᠎ᠲᠤ᠂ ᠮᠡᠳᠡᠭᠡ ᠵᠠᠩᠭᠢᠵᠢᠯᠲᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠲᠠᠪᠴᠠᠩ᠎ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠣᠯᠣᠨ ᠪᠦᠲᠦᠮᠵᠢᠲᠡᠢ ᠬᠡᠷᠡᠭᠯᠡᠯᠲᠡ ᠵᠢ ᠴᠢᠩᠭ᠋ᠠᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢ ᠵᠢ ᠬᠢᠨᠠᠨ ᠰᠢᠨᠵᠢᠬᠦ ᠲᠣᠭ᠎ᠠ ᠪᠠᠷᠢᠮᠲᠠ ᠵᠢᠨ ᠬᠠᠮᠢᠶᠠᠷᠤᠯᠲᠠ ᠬᠢᠭᠡᠳ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ》᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠰᠦᠪᠡᠨ ᠬᠢᠨᠠᠨ ᠰᠢᠨᠵᠢᠬᠦ ᠲᠣᠭ᠎ᠠ ᠪᠠᠷᠢᠮᠲᠠ ᠵᠢ ᠪᠦᠷᠢᠳᠬᠡᠬᠦ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠴᠢᠳᠠᠮᠵᠢ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠰᠢᠨᠵᠢᠬᠦ ᠮᠡᠳᠡᠭᠡ ᠵᠠᠩᠭᠢ ᠵᠢ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ᠂ ᠠᠵᠤ ᠠᠬᠤᠢ᠌ᠯᠠᠯ᠎ᠤᠨ ᠨᠡᠷᠡᠰ᠎ᠤᠨ ᠵᠢᠭᠰᠠᠭ᠋ᠠᠯᠲᠠ ᠵᠢ ᠬᠠᠷᠭᠤᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠵᠠᠳᠠᠯᠤᠯᠲᠠ ᠬᠢᠵᠦ ᠦᠨᠡᠯᠡᠨ ᠵᠢᠱ᠌ᠢᠬᠦ ᠵᠡᠷᠭᠡ ᠵᠢ ᠥᠷᠨᠢᠭᠦᠯᠪᠡ᠃ ᠡᠭᠦᠨ᠎ᠤ ᠬᠠᠮᠲᠤ᠂ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠬᠢᠨᠠᠨ ᠬᠡᠮᠵᠢᠯᠲᠡ ᠵᠢᠨ ᠬᠢᠨᠠᠨ ᠬᠠᠮᠢᠶᠠᠷᠤᠯᠲᠠ ᠵᠢᠨ ᠲᠠᠪᠴᠠᠩ᠎ᠳᠤ ᠨᠡᠢ᠌ᠯᠡᠭᠦᠯᠦᠨ ᠣᠷᠣᠭᠤᠯᠵᠤ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠰᠢᠭᠤᠳ ᠦᠵᠡᠭᠦᠯᠦᠨ ᠢᠯᠡᠳᠬᠡᠬᠦ᠂ ᠭᠦᠢ᠍ᠴᠡᠳᠬᠡᠯ ᠲᠣᠭ᠎ᠠ᠎ᠪᠠᠷ ᠵᠠᠳᠠᠯᠬᠤ᠂ ᠬᠥᠳᠡᠯᠦᠩᠭᠦᠢ᠎ᠪᠠᠷ ᠮᠥᠷᠳᠡᠬᠦ ᠪᠠ ᠵᠢᠷᠤᠭᠴᠢᠯᠠᠨ ᠳᠡᠯᠭᠡᠨ ᠦᠵᠡᠭᠦᠯᠬᠦ ᠵᠢ ᠪᠡᠶᠡᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠥᠪᠳᠡᠯᠴᠡᠬᠦ ᠬᠤᠷᠠᠯ᠎ᠳᠤ ᠪᠦᠲᠦᠮᠵᠢᠲᠡᠢ ᠬᠡᠷᠡᠭᠯᠡᠭᠳᠡᠪᠡ᠃
ᠭᠤᠷᠪᠠ᠎ᠳᠤ 《ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ》 ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠠᠵᠤ ᠠᠬᠤᠢ᠌ᠯᠠᠯ᠎ᠤᠨ ᠠᠵᠢᠯᠲᠠᠨ᠎ᠢ ᠬᠠᠪᠰᠤᠷᠤᠨ ᠲᠡᠳᠬᠦᠵᠦ ᠵᠢᠯᠤᠭᠣᠳᠬᠤ ᠵᠢ ᠴᠢᠩᠭ᠋ᠠᠳᠬᠠᠪᠠ᠃ 2021 — 2022 ᠣᠨ᠎ᠳᠤ᠂ ᠬᠣᠶᠠᠷ ᠵᠢᠯ ᠳᠠᠷᠠᠭ᠋ᠠᠯᠠᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠵᠦ᠂ ᠪᠥᠬᠥ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠣᠭᠰᠠᠨ 2628 ᠬᠠᠮᠢᠶᠠᠷᠤᠯᠲᠠ ᠵᠢᠨ ᠨᠢᠭᠡᠴᠢ᠂ ᠨᠠᠢ᠌ᠳᠠ 3100 ᠭᠠᠷᠤᠢ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠵᠢᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠠᠵᠢᠯᠲᠠᠨ᠎ᠳᠤ ᠪᠤᠯᠪᠠᠰᠤᠷᠠᠯ ᠬᠦᠷᠲᠡᠭᠡᠵᠦ᠂ ᠠᠵᠤ ᠠᠬᠤᠢ᠌ᠯᠠᠯ᠎ᠢ ᠬᠠᠪᠰᠤᠷᠤᠨ ᠵᠢᠯᠤᠭᠣᠳᠴᠤ ᠪᠠᠶ᠋ᠢᠭ᠋ᠠᠳ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠮᠡᠷᠭᠡᠵᠢᠯ᠎ᠤᠨ ᠱᠠᠭ᠋ᠠᠷᠳᠠᠯᠭ᠎ᠠ᠂ ᠥᠪᠡᠰᠦᠪᠡᠨ ᠬᠢᠨᠠᠨ ᠬᠡᠮᠵᠢᠬᠦ᠎ᠳᠤ ᠪᠠᠢ᠌ᠩᠭᠤ ᠲᠣᠬᠢᠶᠠᠯᠳᠤᠬᠤ ᠠᠰᠠᠭᠤᠳᠠᠯ ᠵᠢᠴᠢ ᠰᠢᠢ᠍ᠳᠪᠦᠷᠢᠯᠡᠬᠦ ᠠᠷᠭ᠎ᠠ ᠮᠠᠶᠢᠭ᠂ ᠶᠠᠰᠤ ᠴᠢᠨᠠᠷ᠎ᠢ ᠡᠵᠡᠮᠳᠡᠬᠦ ᠮᠡᠷᠭᠡᠵᠢᠯ᠎ᠤᠨ ᠱᠠᠭ᠋ᠠᠷᠳᠠᠯᠭ᠎ᠠ ᠪᠣᠯᠣᠨ ᠠᠵᠤ ᠠᠬᠤᠢ᠌ᠯᠠᠯ᠎ᠤᠨ ᠦᠵᠦᠭᠦᠷ᠎ᠤᠨ ᠰᠢᠰᠲ᠋ᠧᠮ᠎ᠤᠨ ᠲᠠᠭᠯᠠᠨ ᠮᠡᠳᠡᠭᠦᠯᠬᠦ ᠱᠠᠭ᠋ᠠᠷᠳᠠᠯᠭ᠎ᠠ ᠵᠡᠷᠭᠡ ᠠᠭᠤᠯᠭ᠎ᠠ ᠵᠢ ᠨᠠᠩ ᠰᠠᠶ᠋ᠢᠲᠤᠷ ᠡᠵᠡᠮᠰᠢᠭᠦᠯᠵᠦ᠂ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠣᠯᠣᠭᠰᠠᠨ ᠪᠠᠢ᠌ᠨ᠎ᠠ᠃ ᠪᠥᠬᠥ ᠣᠷᠣᠨ᠎ᠤ ᠥᠪᠡᠰᠦᠪᠡᠨ ᠬᠢᠨᠠᠨ ᠬᠡᠮᠵᠢᠬᠦ ᠠᠵᠢᠯ᠎ᠤᠨ ᠦᠢ᠍ᠯᠡᠴᠢᠯᠡᠭᠡᠨ᠎ᠤ ᠵᠢᠷᠭᠢᠶ᠎ᠡ ᠵᠢᠨ ᠪᠦᠯᠦᠭᠵᠢᠯ ᠬᠢᠭᠡᠳ qq ᠵᠢᠨ ᠪᠦᠯᠦᠭᠵᠢᠯ᠎ᠢ ᠪᠠᠢ᠌ᠭᠤᠯᠤᠨ ᠬᠠᠪᠰᠤᠷᠤᠨ ᠲᠡᠳᠬᠦᠬᠦ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠥᠷᠨᠢᠭᠦᠯᠬᠦ᠎ᠳᠤ ᠬᠡᠷᠡᠭᠯᠡᠬᠦ ᠵᠢᠨ ᠬᠠᠮᠲᠤ ᠦᠢ᠍ᠯᠡᠴᠢᠯᠡᠭᠡᠨ᠎ᠤ ᠪᠦᠯᠦᠭᠵᠢᠯ ᠵᠶ᠋ᠡᠷ ᠳᠠᠮᠵᠢᠭᠤᠯᠤᠨ ᠬᠡᠷᠡᠭᠴᠡᠭᠡ ᠱᠠᠭ᠋ᠠᠷᠳᠠᠯᠭ᠎ᠠ᠎ᠲᠠᠢ ᠠᠵᠤ ᠠᠬᠤᠢ᠌ᠯᠠᠯ᠎ᠳᠤ ᠭᠠᠷᠲᠠᠨ᠂ ᠨᠢᠭᠡ ᠨᠢᠭᠡ᠎ᠪᠠᠷ ᠵᠢᠯᠣᠭᠣᠳᠤᠯᠭ᠎ᠠ ᠬᠢᠵᠦ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠵᠢ ᠨᠠᠢ᠌ᠳᠠᠪᠤᠷᠢᠵᠢᠭᠤᠯᠬᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ᠃