ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠵᠢᠷᠦᠮᠵᠢᠯᠲᠡ ᠵᠢᠨ ᠲᠦᠪᠰᠢᠨ᠎ᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠢ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ ᠪᠠ ᠬᠢᠨᠠᠨ ᠬᠡᠮᠵᠢᠯᠲᠡ ᠵᠢᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ᠂ 2023 ᠣᠨ᠎ᠤ 6 ᠰᠠᠷ᠎ᠠ ᠵᠢᠨ 5᠎ᠤ ᠡᠳᠦᠷ᠎ᠠᠴᠠ 19᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃
ᠨᠠᠷᠢᠨ ᠨᠢᠮᠪᠠᠢ ᠬᠢᠨᠠᠨ ᠬᠠᠷᠭᠤᠭᠤᠯᠵᠤ᠂ ᠪᠣᠭᠣᠮᠲᠠ ᠵᠢ ᠴᠢᠩᠭ᠎ᠠ ᠠᠳᠬᠤᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠬᠣᠶᠠᠷ᠎ᠢ ᠲᠠᠰᠢᠷᠠᠮ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠠᠷᠴᠢᠮ ᠶᠣᠰᠣᠭ᠋ᠠᠷ᠂ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ ᠵᠢ ᠥᠷᠨᠢᠭᠦᠯᠬᠦ 59 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠᠢ᠌ᠭᠤᠯᠤᠮᠵᠢ ᠵᠢᠨ ᠨᠡᠷᠡᠰ᠎ᠢ ᠲᠣᠭᠲᠠᠭ᠋ᠠᠵᠤ᠂ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠦᠢ᠍ᠯᠡᠴᠢᠯᠡᠭᠡ ᠬᠢᠭᠡᠳ ᠬᠠᠮᠢᠶᠠᠷᠤᠯᠲᠠ ᠵᠢᠨ ᠲᠠᠪᠴᠠᠩ ᠵᠶ᠋ᠠᠷ ᠳᠠᠮᠵᠢᠭᠤᠯᠤᠨ ᠡᠯ᠎ᠡ ᠲᠥᠷᠥᠯ᠎ᠤᠨ ᠬᠢᠨᠠᠨ ᠬᠡᠮᠵᠢᠭᠰᠡᠨ ᠮᠡᠳᠡᠭᠦᠯᠦᠯᠲᠡ ᠵᠢ 550 ᠭᠠᠷᠤᠢ ᠬᠤᠪᠢ ᠰᠢᠯᠵᠢᠭᠦᠯᠦᠨ ᠠᠪᠴᠠᠢ᠃ ᠪᠠᠢ᠌ᠴᠠᠭ᠋ᠠᠬᠤ ᠪᠠᠷᠢᠮᠵᠢᠶ᠎ᠠ ᠵᠢ ᠦᠨᠳᠦᠰᠦᠯᠡᠨ᠂ ᠣᠷᠴᠢᠨ ᠲᠣᠭᠣᠷᠢᠨ᠎ᠤ ᠠᠭ᠋ᠠᠷ ᠬᠢᠭᠡᠳ ᠬᠠᠶᠠᠭᠳᠠᠮᠠᠯ ᠬᠡᠢ ᠳᠣᠲᠣᠷᠠᠬᠢ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠂ ᠤᠰᠤ ᠬᠢᠭᠡᠳ ᠬᠠᠶᠠᠭᠳᠠᠮᠠᠯ ᠤᠰᠤᠨ᠎ᠳᠠᠬᠢ ᠬᠦᠨᠳᠦ ᠲᠡᠮᠦᠷᠯᠢᠭ ᠵᠡᠷᠭᠡ ᠵᠢ ᠬᠢᠨᠠᠨ ᠬᠡᠮᠵᠢᠬᠦ ᠡᠭᠦᠷᠭᠡ ᠵᠢ ᠭᠣᠣᠯᠳᠠᠯᠭ᠎ᠠ᠎ᠲᠠᠢ ᠪᠠᠢ᠌ᠴᠠᠭ᠋ᠠᠪᠠ᠃ ᠲᠣᠰ ᠤᠳᠠᠭ᠋ᠠᠨ᠎ᠤ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ᠎ᠳᠤ᠂ ᠬᠤᠪᠢ ᠲᠣᠭᠲᠠᠭ᠋ᠠᠭᠰᠠᠨ ᠦᠷ᠎ᠡ ᠳ᠋ᠦᠩ᠎ᠨᠢ 90 ᠬᠤᠪᠢ᠎ᠠᠴᠠ ᠥᠨᠳᠥᠷ ᠪᠠᠢ᠌ᠭᠤᠯᠤᠮᠵᠢ 3᠂ ᠬᠤᠪᠢ ᠲᠣᠭᠲᠠᠭ᠋ᠠᠭᠰᠠᠨ ᠬᠤᠪᠢ᠎ᠨᠢ 70 — 90 ᠬᠤᠪᠢ᠎ᠠᠴᠠ ᠳᠣᠣᠷ᠎ᠠ ᠪᠠᠢ᠌ᠭᠤᠯᠤᠮᠵᠢ 52᠂ 70 ᠬᠤᠪᠢ᠎ᠠᠴᠠ ᠳᠣᠣᠷ᠎ᠠ ᠪᠠᠢ᠌ᠭᠤᠯᠤᠮᠵᠢ 4 ᠪᠠᠢ᠌ᠵᠤ᠂ ᠰᠤᠭᠤᠴᠢᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠨᠢᠭᠡᠨᠲᠡ ᠪᠦᠬᠦᠨ ᠵᠶ᠋ᠡᠷ᠎ᠨᠢ ᠪᠠᠢ᠌ᠭᠤᠯᠤᠮᠵᠢ᠎ᠳᠤ ᠬᠠᠷᠢᠭᠤ ᠲᠤᠰᠬᠠᠭᠰᠠᠨ ᠪᠥᠭᠡᠳ ᠵᠠᠷᠯᠢᠭᠳᠠᠵᠤ ᠪᠠᠶ᠋ᠢᠭ᠋ᠠᠳ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃
ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤ᠎ᠪᠠᠷ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠦᠷ᠎ᠡ ᠳ᠋ᠦᠩ᠎ᠢ ᠵᠠᠷᠯᠠᠨ ᠮᠡᠳᠡᠭᠳᠡᠵᠦ᠂ ᠰᠢᠯᠭ᠋ᠠᠨ ᠪᠠᠢ᠌ᠴᠠᠭ᠋ᠠᠯᠲᠠ ᠵᠢ ᠳᠠᠮᠵᠢᠭᠰᠠᠨ ᠦᠭᠡᠢ᠎ᠪᠠᠷ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠦᠷ᠎ᠡ ᠳ᠋ᠦᠩ᠎ᠢ ᠭᠠᠷᠭ᠋ᠠᠵᠤ ᠥᠭᠬᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠮᠡᠳᠡᠭᠦᠯᠦᠯᠲᠡ ᠵᠢ ᠥᠭᠡᠷᠡᠲᠦᠭᠦᠯᠦᠨ ᠬᠠᠭᠤᠷᠮᠠᠭ ᠵᠶ᠋ᠠᠷ ᠵᠣᠬᠢᠶᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠡᠨ ᠬᠠᠤᠯᠢ ᠶᠣᠰᠣᠭ᠋ᠠᠷ ᠴᠢᠩᠭ᠋ᠠᠷᠠᠭᠤᠯᠵᠤ᠂ ᠢᠯᠡᠷᠡᠭᠦᠯᠦᠭᠰᠡᠨ ᠠᠰᠠᠭᠤᠳᠠᠯ᠎ᠢ ᠮᠥᠷᠳᠡᠬᠦ ᠪᠠ ᠪᠦᠲᠦᠮᠵᠢᠲᠡᠢ᠎ᠪᠠᠷ ᠴᠡᠭᠴᠡᠯᠡᠨ ᠰᠠᠢ᠌ᠵᠢᠷᠠᠭᠤᠯᠬᠤ ᠵᠢ ᠦᠨᠡᠨ ᠬᠦ᠌ ᠪᠠᠲᠤᠯᠠᠪᠠ᠃
ᠰᠢᠨ᠎ᠡ ᠵᠢ ᠡᠭᠦᠳᠬᠦ᠎ᠪᠠᠷ ᠴᠢᠷᠮᠠᠢ᠌ᠵᠤ᠂ ᠰᠢᠪᠲᠤᠯᠤᠯᠲᠠ ᠭᠠᠷᠭ᠋ᠠᠬᠤ᠎ᠪᠠᠷ ᠬᠦᠴᠦᠯᠡᠨ᠂ ᠬᠢᠨᠠᠯᠲᠠ ᠬᠠᠮᠢᠶᠠᠷᠤᠯᠲᠠ ᠵᠢᠨ ᠰᠢᠨ᠎ᠡ ᠪᠠᠶ᠋ᠢᠳᠠᠯ᠎ᠢ ᠨᠡᠭᠡᠭᠡᠪᠡ
ᠠᠵᠢᠯ᠎ᠤᠨ ᠠᠷᠭ᠎ᠠ ᠪᠠᠷᠢᠯ ᠵᠶ᠋ᠠᠨ ᠰᠢᠨᠡᠴᠢᠯᠡᠵᠦ᠂ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ ᠬᠢᠭᠡᠳ ᠬᠠᠮᠢᠶᠠᠷᠤᠯᠲᠠ ᠵᠢᠨ ᠲᠠᠪᠴᠠᠩ᠎ᠢ 2021 ᠣᠨ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠬᠢᠨᠠᠨ ᠬᠠᠮᠢᠶᠠᠷᠬᠤ ᠠᠵᠢᠯᠲᠠᠨ ᠰᠢᠰᠲ᠋ᠧᠮ ᠵᠶ᠋ᠡᠷ ᠳᠡᠮᠵᠢᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠᠢ᠌ᠭᠤᠯᠤᠮᠵᠢ ᠵᠢᠨ ᠡᠳᠦᠷ ᠲᠤᠲᠤᠮ᠎ᠤᠨ ᠬᠢᠨᠠᠨ ᠬᠠᠮᠢᠶᠠᠷᠤᠯᠲᠠ ᠪᠠ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ ᠵᠢ ᠥᠷᠨᠢᠭᠦᠯᠵᠦ ᠪᠣᠯᠣᠨ᠎ᠠ᠃ ᠬᠢᠨᠠᠨ ᠬᠡᠮᠵᠢᠬᠦ ᠡᠭᠦᠷᠭᠡ᠂ ᠬᠢᠨᠠᠨ ᠬᠡᠮᠵᠢᠭᠰᠡᠨ ᠮᠡᠳᠡᠭᠦᠯᠦᠯᠲᠡ ᠪᠠ ᠠᠩᠬᠠᠨ᠎ᠤ ᠲᠡᠮᠳᠡᠭᠯᠡᠯ᠎ᠢ ᠰᠦᠯᠵᠢᠶᠡᠨ ᠳᠡᠭᠡᠷ᠎ᠡ᠎ᠠᠴᠠ ᠰᠢᠯᠵᠢᠭᠦᠯᠦᠨ ᠦᠵᠡᠵᠦ᠂ ᠠᠵᠢᠯᠲᠠᠨ᠎ᠤ ᠲᠥᠬᠦᠭᠡᠷᠦᠮᠵᠢ᠂ ᠬᠢᠷᠢ ᠴᠢᠳᠠᠮᠵᠢ ᠴᠢᠳᠠᠪᠤᠷᠢ᠂ ᠬᠠᠮᠢᠶᠠᠷᠤᠯᠲᠠ ᠵᠢᠨ ᠲᠥᠯᠥᠪᠯᠡᠭᠡ ᠪᠠ ᠡᠭᠦᠷᠭᠡ ᠵᠢ ᠬᠤᠪᠢᠶᠠᠨ ᠳᠠᠭ᠋ᠠᠭ᠋ᠠᠴᠢᠯᠠᠬᠤ ᠵᠡᠷᠭᠡ ᠦᠨᠳᠦᠰᠦᠨ ᠮᠡᠳᠡᠭᠡ ᠵᠠᠩᠭᠢ ᠵᠢ ᠪᠠᠢ᠌ᠴᠠᠭ᠋ᠠᠨ ᠦᠵᠡᠬᠦ ᠵᠢᠨ ᠬᠠᠮᠲᠤ ᠶᠠᠰᠤ ᠴᠢᠨᠠᠷ᠎ᠤᠨ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠪᠠ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠶᠡᠷᠦᠩᠬᠡᠢ᠌ᠯᠡᠨ ᠵᠠᠳᠠᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠦᠪᠰᠢᠨ᠎ᠢ ᠦᠨᠡᠨᠬᠦ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠢᠷᠤᠮᠵᠢᠭᠤᠯᠵᠠᠢ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠣᠭ᠋ᠠᠴᠢᠯᠠᠭᠰᠠᠨ ᠲᠠᠪᠴᠠᠩ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ᠂ ᠪᠠᠢ᠌ᠭᠤᠯᠤᠮᠵᠢ ᠵᠢᠨ ᠢᠲᠡᠭᠡᠮᠵᠢ ᠵᠢᠨ ᠲᠦᠭᠰᠢᠭᠦᠷᠢ ᠵᠢᠨ ᠲᠠᠰ᠎ᠢ ᠦᠨᠡᠯᠡᠬᠦ ᠪᠠ ᠶᠡᠷᠦᠩᠬᠡᠢ᠌ᠯᠡᠨ ᠬᠡᠷᠡᠭᠯᠡᠬᠦ ᠵᠢ ᠰᠦᠪᠡᠭᠴᠢᠯᠡᠨ ᠥᠷᠨᠢᠭᠦᠯᠵᠦ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃